ᠬᠤᠰᠢᠭᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/4/15
          4 ᠰᠠᠷ᠎ᠠ ᠶᠢᠨ 12 ᠤᠨ ᠡᠳᠦᠷ᠂  ᠬᠤᠰᠢᠭᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠬᠤᠷᠠᠯ  ᠬᠤᠷᠠᠯᠳᠣᠵᠦ᠂ ᠬᠤᠰᠢᠭᠤ  ᠨᠠᠮ ᠤᠨ ᠬᠤᠷᠢᠶᠠᠨ ᠤ ᠱᠦᠵᠢ ᠯᠢ ᠪᠥᠸᠧ ᠹᠧᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠹᠧᠩ ᠵᠢᠶᠠᠨ ᠵᠢᠶᠦ᠋ᠨ ᠬᠤᠷᠠᠯ ᠢ ᠡᠷᠬᠢᠯᠡᠨ᠂ ᠬᠤᠰᠢᠭᠤ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠬᠤᠷᠠᠯ ᠳᠤ ᠣᠷᠣᠯᠴᠠᠪᠠ᠃     ᠬᠤᠷᠠᠯ ᠳᠡᠭᠡᠷ᠎ᠡ᠂ 2024 ᠣᠨ ᠤ ᠪᠥᠬᠦ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠲᠣᠬᠢᠷᠠᠭᠤᠯᠤᠨ  ᠪᠠᠶᠢᠷᠢᠯᠠᠭᠤᠯᠵᠦ᠂ 2024 ᠣᠨ ᠤ ᠪᠥᠬᠦ ᠬᠤᠰᠢᠭᠤᠨ ᠤ ᠣᠶ ᠰᠢᠭᠤᠶ ᠪᠠ ᠲᠠᠯ᠎ᠠ ᠨᠤᠲᠤᠭ ᠤᠨ ᠠᠵᠢᠯ᠂ 2024 ᠣᠨ ᠤ ᠪᠥᠬᠦ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ᠂ ᠰᠢᠯᠢ ᠶᠢᠨ ᠭᠤᠤᠯ ᠠᠶᠢᠮᠠᠭ ᠤᠨ ᠵᠠᠬᠢᠷᠭ᠎ᠠ ᠶᠢᠨ ᠡᠨᠡ ᠵᠢᠯ ᠳᠠᠷᠤᠮᠠᠯᠯᠠᠨ ᠲᠠᠷᠬᠠᠭᠠᠭᠰᠠᠨ ᠲᠠᠷᠢᠶᠠᠯᠠᠩ ᠮᠠᠯ ᠠᠵᠤ ᠠᠬᠤᠶ ᠶᠢᠨ ᠬᠦᠷᠢᠶᠡᠨ ᠤ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠳᠤ ᠲᠠᠶᠢᠯᠤᠮᠵᠢ ᠬᠢᠪᠠ᠃    ᠬᠤᠷᠠᠯ ᠠᠴᠠ ᠵᠢᠭᠠᠬᠰᠡᠨ ᠨᠢ᠂ ᠪᠥᠬᠦ ᠬᠤᠰᠢᠭᠤ ᠪᠠᠷ ᠢᠶᠠᠨ ᠶᠡᠷᠦᠩᠬᠡᠶ ᠱᠦᠵᠢ ᠰᠢ ᠶᠢᠨ ᠫᠢᠩ ᠤᠨ ︽ᠭᠤᠷᠪᠠᠨ ᠲᠠᠷᠢᠶᠠᠯᠠᠬᠤ ᠭᠤᠷᠪᠠᠨ ᠮᠠᠯᠵᠢᠬᠤ︾ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯᠤᠨ ᠠᠶᠢᠮᠠᠭ ᠤᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠦᠨᠡᠨᠬᠦ ᠠᠳᠬᠤᠨ ᠪᠣᠳᠠᠲᠠᠶ ᠠᠵᠢᠯᠯᠠᠵᠤ᠂ ︽ᠮᠠᠯ ᠠᠵᠤ ᠠᠬᠤᠶ ᠲᠠᠷᠢᠶᠠᠯᠠᠩ ᠮᠠᠯᠵᠢᠬᠤ ᠣᠷᠣᠨ ᠮᠠᠯᠴᠢᠨ ᠲᠠᠷᠢᠶᠠᠴᠢᠨ︾ ᠤ ᠡᠯ᠎ᠡ ᠵᠦᠶᠯ ᠤᠨ ᠠᠵᠢᠯ ᠤᠨ ᠡᠭᠦᠷᠭᠡ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠶ ᠬᠡᠯ᠎ᠡ᠃   ᠬᠤᠷᠠᠯ ᠠᠴᠠ ᠴᠢᠬᠤᠯᠠᠴᠢᠯᠠᠭᠰᠠᠨ ᠨᠢ᠂ ᠲᠠᠷᠢᠶᠠᠯᠠᠩ ᠮᠠᠯ ᠠᠵᠤ ᠠᠬᠤᠢ ᠪᠣᠯ ᠮᠠᠨ ᠤ ᠬᠤᠰᠢᠭᠤᠨ ᠤ ᠠᠷᠠᠳ ᠢ ᠪᠠᠶᠠᠵᠢᠭᠤᠯᠬᠤ ᠠᠵᠤ ᠦᠢᠯᠡᠰ᠂ ᠳᠠᠪᠠᠭᠤᠯᠢᠭ ᠠᠵᠤ ᠦᠢᠯᠡᠰ ᠪᠣᠯᠬᠤ ᠪᠥᠭᠡᠳ ᠮᠥᠨᠴᠦ ᠲᠣᠭᠲᠠᠭᠤᠨ ᠶᠢ ᠪᠠᠲᠤᠯᠠᠬᠤ ᠂ ᠠᠷᠠᠳ ᠲᠤ ᠠᠰᠢᠭ ᠬᠦᠷᠲᠡᠭᠡᠬᠦ ᠰᠠᠭᠤᠷᠢ ᠪᠣᠯᠤᠨ᠎ᠠ᠃ ︽ᠮᠠᠯ ᠠᠵᠤ ᠠᠬᠤᠢ ᠲᠠᠷᠢᠶᠠᠯᠠᠩ ᠮᠠᠯᠵᠢᠬᠤ ᠣᠷᠣᠨ ᠮᠠᠯᠴᠢᠨ ᠲᠠᠷᠢᠶᠠᠴᠢᠨ︾ ᠤ ᠠᠵᠢᠯ ᠤᠨ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠳᠠᠯᠠᠨ᠂ ᠰᠢᠰᠲ᠋ᠧᠮᠲᠦ ᠰᠡᠳᠬᠢᠬᠦᠶ ᠪᠠᠨ ᠴᠢᠩᠭᠠᠳᠬᠠᠵᠤ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ᠂ ᠠᠮᠢ ᠠᠬᠤᠶ ᠶᠢᠨ ᠨᠥᠬᠦᠪᠥᠷᠢ ᠥᠭᠴᠦ ᠱᠠᠩᠨᠠᠬᠤ ᠲᠥᠷᠥ ᠶᠢᠨ ᠪᠣᠳᠣᠯᠭ᠎ᠠ ᠶᠢ ᠴᠢᠩᠭ᠎ᠠ‌ᠨᠠᠶᠢᠳᠠᠪᠤᠷᠢᠵᠢᠭᠤᠯᠵᠤ᠂ ᠣᠶ ᠰᠢᠭᠤᠶ ᠨᠤᠲᠤᠭ ᠪᠡᠯᠴᠢᠭᠡᠷ ᠤᠨ ᠬᠠᠤᠯᠢ ᠬᠡᠷᠡᠭᠵᠢᠭᠦᠯᠬᠦ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠪᠠ ᠲᠣᠤᠷᠵᠢᠭᠤᠯᠤᠭᠰᠠᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠬᠦ ᠵᠡᠷᠭᠡ ᠠᠷᠭ᠎ᠠ ᠬᠡᠮᠵᠢᠶ᠎ᠡ ᠶᠢ ᠠᠪᠴᠤ᠂ ᠨᠤᠲᠤᠭ ᠪᠡᠯᠴᠢᠭᠡᠷ ᠤᠨ ᠠᠮᠢ ᠠᠬᠤᠶ ᠶᠢ ᠦᠷᠭᠦᠯᠵᠢᠯᠡᠨ ᠰᠠᠶᠢᠵᠢᠷᠠᠭᠤᠯᠬᠤ ᠶᠢ  ᠠᠬᠢᠭᠤᠯᠣᠨ᠂ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ ᠰᠡᠷᠬᠡᠶᠢᠯᠡᠬᠦ ᠳᠠᠶᠢᠯᠠᠯᠳᠤᠭᠠᠨ ᠤ ᠢᠯᠠᠯᠲᠠ ᠶᠢ  ᠲᠡᠮᠡᠴᠡᠨ ᠣᠯᠵᠦ᠂ ᠡᠬᠢ ᠪᠠᠶᠠᠯᠢᠭ ᠤᠨ ᠲᠣᠬᠢᠷᠠᠭᠤᠯᠤᠯᠲᠠ ᠶᠢ ᠴᠢᠩᠭᠠᠳᠬᠠᠵᠤ᠂ ᠪᠣᠬᠢᠷᠲᠤᠯ ᠥᠬᠡᠶ ᠮᠠᠯ ᠤᠨ ᠠᠰᠢᠭ ᠰᠢᠮ᠎ᠡ ᠶᠢ ᠨᠠᠷᠢᠯᠢᠭ ᠡᠳ᠋ᠰᠢᠭᠦᠯᠬᠦ ᠠᠵᠤ ᠦᠶᠯᠡᠰ ᠤᠨ ᠬᠡᠯᠬᠢᠶ᠎ᠡ ᠶᠢ ᠪᠠᠶᠢᠭᠤᠯᠬᠤ᠂  ᠰᠦ ᠶᠢᠨ ᠠᠵᠤ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠ ᠦᠷ᠎ᠡ ᠶᠢᠨ ᠦᠶᠯᠡᠰ ᠤᠨ ᠥᠷᠢᠰᠥᠯᠳᠦᠬᠦ ᠬᠦᠴᠦᠨ ᠢ ᠳᠡᠭᠡᠭᠰᠢᠯᠡᠭᠦᠯᠬᠦ ᠪᠠᠷ ᠬᠠᠷᠠᠯᠲᠠ ᠪᠣᠯᠭᠠᠵᠤ᠂ ᠳᠠᠪᠠᠭᠤᠯᠢᠭ ᠮᠠᠯ ᠠᠵᠤ ᠠᠬᠤᠶ ᠶᠢᠨ ᠠᠵᠤ ᠦᠶᠯᠡᠰ ᠤᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠶᠢ ᠲᠠᠰᠤᠷᠠᠯᠲᠠ ᠥᠬᠡᠶ ᠠᠬᠢᠭᠤᠯᠣᠨ᠂ ︽ᠰᠢᠯᠣᠭᠤᠨ ᠬᠦᠬᠡ ᠶᠢᠨ ᠦᠬᠡᠷ ᠤᠨ ᠮᠢᠬ᠎ᠠ︾᠂ ︽ᠴᠠᠭᠠᠨ ᠢᠳᠡᠭᠡ︾  ᠨᠠᠷᠠᠲᠤ ᠲᠥᠷᠥᠯ ᠲᠡᠮᠳᠡᠭᠲᠦ ᠶᠢ ᠬᠥᠭᠵᠢᠬᠦᠯᠬᠦ ᠬᠡᠷᠡᠭᠲᠡᠶ ᠬᠡᠵᠡᠢ᠃     ᠬᠤᠷᠠᠯ ᠠᠴᠠ᠂ ᠨᠠᠮ ᠤᠨ ᠮᠠᠯᠵᠢᠬᠤ ᠲᠠᠷᠢᠶᠠᠯᠠᠬᠤ ᠣᠷᠣᠨ ᠤ ᠠᠵᠢᠯ ᠳᠠᠬᠢ ᠤᠳᠤᠷᠢᠳᠤᠯᠭ᠎ᠠ ᠶᠢ ᠪᠥᠬᠦ ᠲᠠᠯ᠎ᠠ  ᠪᠠᠷ ᠴᠢᠩᠭᠠᠳᠬᠠᠵᠤ᠂ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠨ᠂ ᠪᠠᠶᠢᠷᠢᠯᠠᠭᠤᠯᠤᠨ ᠠᠬᠢᠭᠤᠯᠬᠤ ᠲᠠᠯ᠎ᠠ ᠪᠠᠷ ᠳᠠᠬᠢᠨ ᠬᠦᠴᠦᠯᠡᠬᠦ ᠬᠡᠷᠡᠭᠲᠡᠶ᠃ ᠮᠠᠯᠵᠢᠬᠤ ᠲᠠᠷᠢᠶᠠᠯᠠᠬᠤ ᠣᠷᠣᠨ ᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠪᠥᠬᠦ ᠲᠠᠯ᠎ᠠ ᠪᠠᠷ ᠴᠢᠩᠭᠠᠳᠬᠠᠵᠤ᠂ ︽ᠬᠥᠳᠡᠭᠡ ᠲᠣᠰᠬᠤᠨ ᠢ ᠠᠳᠬᠤᠨ ᠲᠣᠰᠬᠤᠨ ᠡᠷᠦᠬᠡ ᠶᠢ ᠳᠠᠶᠢᠴᠢᠯᠠᠬᠤ ︾ ᠢᠨᠵᠧᠨᠧᠷᠢᠩ ᠢ ᠪᠦᠬᠦᠯᠢ ᠴᠣᠭᠴᠠ ᠪᠠᠷ ᠨᠢ ᠳᠡᠭᠡᠭᠰᠢᠯᠡᠭᠦᠯᠬᠦ ᠢᠨᠵᠧᠨᠧᠷᠢᠩ ᠢ ᠲᠠᠰᠤᠷᠠᠯᠲᠠ ᠥᠬᠡᠶ ᠭᠦᠨᠵᠡᠭᠡᠶᠢᠷᠡᠭᠦᠯᠵᠦ᠂ ᠰᠤᠮᠤ ᠪᠠᠯᠭᠠᠰᠤ ( ᠲᠠᠯᠠᠪᠠᠶ )᠂ ᠭᠠᠴᠠᠭ᠎ᠠ ᠲᠣᠰᠬᠤᠨ ᠨᠡᠶᠢᠭᠡᠮ ᠲᠣᠭᠤᠷᠢᠭ ᠤᠨ ᠬᠤᠪᠢᠶᠠᠷᠢ ᠲᠠᠯᠠᠪᠠᠶ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠬᠦ ᠬᠡᠷᠡᠭᠲᠡᠶ᠃ ᠠᠳᠠᠯᠢᠳᠬᠠᠬᠤ ᠪᠠᠷ ᠰᠤᠷᠤᠯᠴᠠᠬᠤ ᠶᠢ ᠠᠬᠢᠭᠤᠯᠵᠤ᠂ ᠤᠷᠤᠯᠳᠤᠭᠠᠨ ᠢᠶᠠᠷ ᠠᠵᠢᠯᠯᠠᠬᠤ ᠶᠢ ᠠᠬᠢᠭᠤᠯᠬᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠶᠢ ᠪᠦᠬᠦ ᠲᠠᠯ᠎ᠠ ᠪᠠᠷ ᠠᠬᠢᠭᠤᠯᠵᠤ᠂ ᠰᠠᠭᠤᠷᠢ ᠲᠥᠬᠦᠭᠡᠷᠦᠮᠵᠢ ᠪᠠ‌ᠤᠯᠠᠨ ᠨᠡᠶᠢᠲᠡ ᠶᠢᠨ ᠦᠢᠯᠡᠴᠢᠯᠡᠭᠡᠨ ᠤ ᠳᠤᠲᠠᠭᠤᠳᠠᠯ ᠢ ᠨᠥᠬᠦᠪᠥᠷᠢᠯᠡᠵᠦ᠂ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠵᠠᠰᠠᠬᠤ᠂ ᠠᠮᠢᠳᠤᠷᠠᠯ ᠤᠨ ᠪᠣᠬᠢᠷ ᠤᠰᠤ ᠶᠢ ᠵᠠᠰᠠᠬᠤ᠂  ︽ᠵᠣᠷᠯᠣᠩ ᠤᠨ ᠦᠬᠡᠷᠡᠴᠢᠯᠡᠯᠳᠡ︾᠂ ᠲᠣᠰᠬᠤᠨ ᠤ ᠳᠦᠷᠰᠦ ᠪᠠᠶᠢᠳᠠᠯ ᠢ ᠳᠡᠭᠡᠭᠰᠢᠯᠡᠭᠦᠯᠬᠦ᠂ ᠮᠠᠯ ᠠᠵᠤ ᠠᠬᠤᠢ ᠲᠠᠷᠢᠶᠠᠯᠠᠩ ᠤᠨ ᠦᠢᠯᠡᠳᠪᠦᠷᠢᠯᠡᠯ ᠤᠨ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠵᠡᠷᠭᠡ ᠡᠭᠦᠷᠭᠡ ᠶᠢ ᠬᠡᠷᠡᠭᠵᠢᠭᠦᠯᠬᠦ ᠶᠢ ᠭᠤᠣᠯᠳᠠᠯᠭ᠎ᠠ  ᠲᠠᠢ ᠠᠬᠢᠭᠤᠯᠵᠤ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ ᠬᠡᠵᠦ  ᠱᠠᠭᠠᠷᠳᠠᠵᠠᠢ᠃    ᠡᠯ᠎ᠡ ᠰᠤᠮᠤ ᠪᠠᠯᠭᠠᠰᠤᠨ ᠤ ᠨᠠᠮ ᠵᠠᠰᠠᠭ ᠤᠨ ᠭᠤᠤᠯ ᠤᠳᠤᠷᠢᠳᠤᠯᠭ᠎ᠠ ᠪᠣᠯᠤᠨ ᠲᠠᠷᠢᠶᠠᠯᠠᠩ‌ᠮᠠᠯ ᠠᠵᠤ ᠠᠬᠤᠶ  ᠶᠢᠨ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ᠂  ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠭᠤᠤᠯ ᠤᠳᠤᠷᠢᠳᠤᠯᠭ᠎ᠠ ᠵᠢᠴᠢ ᠡᠯ᠎ᠡ ᠭᠠᠴᠠᠭ᠎ᠠ᠂ ᠲᠣᠰᠬᠤᠨ ( ᠨᠡᠶᠢᠭᠡᠮ ᠲᠣᠭᠤᠷᠢᠭ᠂ ᠬᠤᠪᠢᠶᠠᠷᠢ ᠲᠠᠯᠠᠪᠠᠶ᠂ ᠰᠠᠭᠤᠭᠠᠯᠢ ᠠᠷᠠᠳ ᠤᠨ ᠵᠥᠪᠯᠡᠯ ) ᠤ ᠨᠠᠮ ᠤᠨ ᠡᠭᠦᠷ ( ᠨᠠᠮ ᠤᠨ ᠬᠤᠷᠢᠶ᠎ᠠ ) ᠤᠨ ᠱᠦᠵᠢ ᠪᠣᠯᠤᠨ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠬᠤᠷᠠᠯ ᠳᠤ ᠣᠷᠣᠯᠴᠠᠪᠠ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号