ᠰᠢᠯᠤᠭᠤᠨ ᠬᠥᠬᠡ ᠬᠤᠰᠢᠭᠤ  ︽4.15︾ ᠤ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/15
          ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠵᠦ᠂ ᠪᠥᠬᠦ ᠨᠡᠶᠢᠭᠡᠮ ᠳᠤ ᠤᠯᠤᠰ ᠤᠨ ᠠᠮᠤᠷ ᠲᠦᠪᠰᠢᠨ ᠪᠠ ᠨᠡᠶᠢᠭᠡᠮ ᠤᠨ ᠠᠮᠤᠷ ᠲᠦᠪᠰᠢᠨ ᠢ ᠬᠠᠮᠠᠭᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ ᠶᠢᠰᠣᠳᠣᠬᠢ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠬᠦᠷᠴᠦ ᠢᠷᠡᠬᠦ ᠲᠠᠰᠢᠷᠠᠮ ᠳᠤ᠂ 4 ᠰᠠᠷ᠎ᠠ ᠶᠢᠨ 12 ᠤᠨ ᠡᠳᠦᠷ᠂ ᠰᠢᠯᠤᠭᠤᠨ ᠬᠥᠬᠡ ᠬᠤᠰᠢᠭᠤᠨ ᠤ ᠨᠠᠮ ᠤᠨ ᠬᠤᠷᠢᠶᠠᠨ ᠤ ᠤᠯᠤᠰ ᠤᠨ ᠠᠮᠤᠷ ᠲᠦᠪᠰᠢᠨ ᠤ ᠠᠵᠢᠯ ᠤᠨ ᠠᠯᠪᠠᠨ ᠬᠡᠷ᠂ ᠤᠯᠤᠰ ᠲᠥᠷᠥ ᠬᠠᠤᠯᠢ ᠴᠠᠭᠠᠵᠠ ᠶᠢᠨ  ᠵᠥᠪᠯᠡᠯ᠂ ᠬᠤᠰᠢᠭᠤ ᠤᠯᠠᠭᠠᠨᠮᠥ᠋ᠴᠢᠷ ᠬᠠᠮᠲᠤᠷᠠᠨ ︽ᠤᠯᠤᠰ ᠤᠨ ᠠᠮᠤᠷ ᠲᠦᠪᠰᠢᠨ  ᠤ ᠶᠡᠷᠦᠩᠬᠡᠶ ᠴᠣᠭᠴᠠ ᠶᠢᠨ ᠦᠵᠡᠯᠲᠡ ᠶᠢᠨ ᠰᠢᠨ᠎ᠡ ᠶᠢ ᠡᠭᠦᠳᠴᠦ ᠬᠥᠲᠥᠯᠥᠨ ᠳᠠᠭᠠᠭᠤᠯᠤᠭᠰᠠᠨ 10 ᠵᠢᠯ ᠤᠨ ᠣᠶ︾ ᠪᠠᠷ ᠭᠤᠤᠯ ᠰᠡᠳᠦᠪ ᠪᠣᠯᠭᠠᠭᠰᠠᠨ  ︽4.15︾ ᠤ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠦᠷᠨᠢᠬᠦᠯᠵᠦ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂  ᠬᠤᠰᠢᠭᠤ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ᠂  ᠬᠤᠰᠢᠭᠤ ᠤᠯᠤᠰ ᠤᠨ ᠠᠮᠤᠷ ᠲᠦᠪᠰᠢᠨ ᠤ ᠠᠵᠢᠯ ᠤᠨ ᠠᠯᠪᠠᠨ ᠭᠡᠷ ᠤᠨ ᠡᠷᠬᠢᠯᠡᠭᠴᠢ ᠶᠠᠨ ᠷᠦᠢ ᠴᠢ ᠠᠵᠢᠯᠯᠠᠭ᠎ᠠ ᠳᠤ ᠣᠷᠣᠯᠴᠠᠵᠤ ᠶᠠᠷᠢᠶ᠎ᠠ ᠲᠠᠯᠪᠢᠵᠠᠢ᠃       ᠠᠵᠢᠯᠯᠠᠭ᠎ᠠ ᠳᠡᠭᠡᠷ᠎ᠡ᠂ ᠰᠢᠯᠤᠭᠤᠨ ᠬᠥᠬᠡ ᠬᠤᠰᠢᠭᠤᠨ ᠤ ᠤᠯᠠᠭᠠᠨᠮᠥ᠋ᠴᠢᠷ ᠲᠣᠭᠯᠠᠯᠲᠠ  ᠭᠠᠷᠭᠠᠵᠦ ᠲᠤᠬᠠᠢ ᠶᠢᠨ ᠲᠠᠯᠠᠪᠠᠢ ᠶᠢᠨ ᠥᠵᠡᠭᠴᠢᠥᠨ ᠲᠤ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠤᠬᠠᠭᠤᠯᠭ᠎ᠠ ᠶᠢ ᠤᠷᠠᠯᠢᠭ ᠤᠨ ᠬᠡᠯᠪᠡᠷᠢ ᠪᠠᠷ ᠬᠠᠷᠠᠭᠤᠯᠥᠯ᠎ᠠ᠃ ᠡᠯ᠎ᠡ ᠣᠷᠣᠯᠴᠠᠭᠴᠢ ᠨᠢᠭᠡᠴᠡ ᠶᠢᠨ ᠠᠵᠢᠯᠲᠠᠨ ᠠᠰᠠᠭᠤᠨ ᠯᠠᠪᠯᠠᠬᠤ ᠲᠠᠪᠴᠠᠩ ᠪᠠᠶᠢᠭᠤᠯᠬᠤ᠂ ᠤᠬᠠᠭᠤᠯᠭ᠎ᠠ ᠶᠢᠨ  ᠪᠢᠴᠢᠭᠡᠰᠦ ᠡᠯᠭᠦᠬᠦ᠂ ᠤᠬᠠᠭᠤᠯᠭ᠎ᠠ ᠶᠢᠨ ᠭᠠᠷ ᠳᠡᠪᠲᠡᠷ ᠪᠠ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠣᠯᠠᠨ ᠬᠡᠯᠪᠡᠷᠢ ᠪᠠᠷ ᠳᠠᠮᠵᠢᠭᠤᠯᠤᠨ᠂ ︽ᠤᠯᠤᠰ ᠤᠨ ᠠᠮᠤᠷ ᠲᠦᠪᠰᠢᠨ ᠤ ᠬᠠᠤᠯᠢ︾᠂ ︽ᠰᠦᠷᠳᠡᠭᠦᠯᠬᠦ ᠦᠵᠡᠯ ᠢ ᠡᠰᠡᠷᠭᠦᠴᠡᠬᠦ ᠬᠠᠤᠯᠢ︾᠂ ︽ᠰᠦᠯᠵᠢᠶᠡᠨ ᠤ ᠠᠮᠤᠷ ᠲᠦᠪᠰᠢᠨ ᠤ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠤᠨ ᠮᠡᠳᠡᠯᠭᠡ ᠵᠢᠴᠢ ᠴᠠᠬᠢᠯᠭᠠᠨ ᠬᠤᠯᠪᠣᠭ᠎ᠠ  ᠪᠠᠷ ᠮᠡᠬᠡᠯᠡᠬᠦ ᠶᠢ ᠰᠡᠷᠭᠡᠶᠢᠯᠡᠬᠦ᠂ ᠭᠠᠵᠢᠭᠤ ᠨᠣᠮᠯᠠᠯ ᠢ ᠡᠰᠡᠷᠭᠦᠴᠡᠬᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠵᠡᠷᠭᠡ ᠠᠭᠤᠯᠭ᠎ᠠ ᠶᠢ ᠲᠠᠶᠢᠯᠪᠤᠷᠢᠯᠬᠠᠰᠠᠠ ᠤ ᠬᠠᠮᠲᠤ ᠣᠯᠠᠨ ᠲᠦᠮᠡᠨ ᠤ ᠠᠰᠠᠭᠤᠯᠲᠠ ᠶᠢ ᠬᠠᠷᠢᠭᠤᠯᠵᠤ᠂  ︽ᠤᠯᠤᠰ ᠤᠨ ᠠᠮᠤᠷ ᠲᠦᠪᠰᠢᠨ ᠳᠤ ᠬᠥᠮᠦᠨ ᠪᠦᠬᠦᠨ ᠬᠠᠷᠢᠭᠤᠴᠠᠯᠭ᠎ᠠ ᠲᠠᠢ︾ ᠪᠠᠶᠢᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠪᠠ᠃   
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号