ᠰᠠᠩ ᠤᠨ ᠳᠠᠯᠠᠢ ᠰᠤᠷᠭᠠᠭᠤᠯᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ  ᠢ ᠪᠠᠲᠤ ᠴᠣᠭᠴᠠᠯᠠᠬᠤ ᠶᠢ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠪᠦᠬᠦ ᠶᠠᠪᠤᠴᠠ ᠳᠤ ᠲᠤᠭᠤᠰᠢᠯᠠᠭᠤᠯᠵᠤ ᠪᠤᠢ
ᠨᠡᠶᠢᠲᠡᠯᠡᠭᠰᠡᠨ ᠴᠠᠭ᠄
2024/4/15
      ᠰᠠᠩ ᠤᠨ ᠳᠠᠯᠠᠢ ᠰᠤᠷᠭᠠᠭᠤᠯᠢ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠪᠦᠬᠦ ᠶᠠᠪᠤᠴᠠ᠂ ᠡᠯ᠎ᠡ ᠭᠤᠭᠴᠤᠭ᠎ᠠ ᠳᠤ ᠠᠭᠤᠰᠤᠯᠴᠠᠭᠤᠯᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢ ᠠᠬᠢᠭᠤᠯᠤᠨ᠂ ︽ᠭᠠᠷ ᠬᠤᠯᠪᠤᠯᠴᠠᠨ︾ ᠬᠠᠪᠰᠤᠷᠤᠯᠴᠠᠵᠤ ᠬᠠᠮᠲᠤ ᠪᠠᠷ ᠪᠦᠲᠦᠭᠡᠭᠦ ᠠᠵᠢᠯᠯᠠᠭ᠎ᠠ ᠶᠢᠨ ᠰᠢᠨ᠎ᠡ ᠶᠢ ᠡᠭᠦᠳᠦᠨ᠂ ︽ᠭᠤᠷᠪᠠᠨ ᠰᠠᠯᠵᠤ ᠴᠢᠳᠠᠬᠤ ᠦᠭᠡᠢ︾ ᠦᠵᠡᠯ ᠰᠠᠨᠠᠭ᠎ᠠ᠂ ︽ᠲᠠᠪᠤᠨ ᠬᠠᠮᠲᠤ ᠶᠢᠨ ᠲᠠᠨᠢᠯᠲᠠ︾ ᠪᠠ ︽ᠲᠦᠷᠪᠡ ᠶᠢ ᠬᠠᠮᠲᠤ ᠪᠠᠷ ᠡᠳ᠋ᠯᠡᠬᠦ︾ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠡᠯ᠎ᠡ ᠦᠨᠳᠦᠰᠦᠲᠡᠨ ᠤ ᠪᠠᠭᠰᠢ ᠰᠤᠷᠤᠭᠴᠢᠳ ᠤᠨ ᠰᠡᠳᠬᠢᠯ ᠳᠤ ᠬᠠᠳᠠᠩᠰᠢᠭᠤᠯᠵᠤ᠂ ᠤᠷᠢᠳ ᠬᠤᠵᠢᠳ ︽ᠰᠢᠯᠢ ᠶᠢᠨ ᠭᠤᠤᠯ ᠠᠶᠢᠮᠠᠭ ᠤᠨ ᠣᠳᠣᠬᠢᠴᠢᠯᠠᠭᠰᠠᠨ ᠪᠠᠷᠢᠮᠵᠢᠶᠠᠲᠤ ᠰᠤᠷᠭᠠᠭᠤᠯᠢ︾ ︽ᠠᠯᠪᠠᠨ ᠵᠢᠷᠤᠮ  ᠤᠨ ᠰᠤᠷᠭᠠᠨ ᠬᠥᠮᠦᠵᠢᠯ ᠤᠨ ᠳᠠᠭᠤᠷᠢᠶᠠᠯ ᠰᠤᠷᠭᠠᠭᠤᠯᠢ︾ ︽ᠪᠣᠯᠪᠠᠰᠤᠨ ᠰᠤᠷᠭᠠᠭᠤᠯᠢ︾ ᠵᠡᠷᠭᠡ ᠣᠯᠠᠨ ᠢᠷᠠᠭᠤ ᠠᠯᠳᠠᠷ ᠢ ᠬᠦᠷᠳᠡᠭᠰᠡᠨ ᠪᠠᠶᠢᠨ᠎ᠠ᠃     ᠤᠶᠢᠷ᠎ᠠ ᠶᠢᠨ ᠡᠳᠦᠷ ᠰᠢᠯᠤᠭᠤᠨ ᠬᠦᠬᠡ ᠬᠤᠰᠢᠭᠤᠨ ᠤ ᠰᠠᠩ ᠤᠨ ᠲᠠᠯᠠᠢ ᠰᠤᠷᠭᠠᠭᠤᠯᠢ ᠬᠤᠪᠢᠰᠬᠠᠯ ᠤᠨ ᠰᠡᠳᠦᠪᠳᠤ ᠤᠷᠠᠨ ᠪᠢᠴᠢᠯᠭᠡ ᠤᠷᠠᠨ ᠵᠢᠷᠤᠭ ᠤᠨ ᠦᠵᠡᠭᠦᠯᠭᠡ ᠶᠢᠨ ᠠᠵᠢᠯᠯᠠᠭ᠎ᠠ ᠦᠷᠨᠢᠬᠦᠯᠵᠦ᠂ ᠬᠡᠦᠬᠡᠳ ᠤᠳ ᠪᠠᠭᠰᠢ ᠶᠢᠨ ᠵᠢᠯᠤᠭᠤᠳᠤᠯᠭ᠎ᠠ ᠪᠠ ᠬᠠᠪᠰᠤᠷᠤᠯᠭ᠎ᠠ ᠳᠣᠣᠷ᠎ᠠ ᠰᠢᠨ᠎ᠡ ᠴᠠᠭ ᠦᠶ᠎ᠡ᠂ ᠦᠨᠳᠦᠰᠦᠳᠡᠨ ᠤ ᠪᠦᠯᠬᠦᠮᠳᠡᠯ ᠤᠨ ᠠᠭᠤᠯᠭ᠎ᠠ ᠪᠦᠬᠦᠢ ᠭᠤᠶᠤ ᠰᠠᠶᠢᠬᠠᠨ ᠵᠢᠷᠤᠭ ᠪᠦᠲᠦᠭᠡᠯ ᠢᠶᠠᠨ ᠰᠡᠳᠬᠢᠯ ᠳᠠᠯᠪᠢᠨ ᠵᠢᠷᠤᠭᠯᠠᠵᠤ ᠪᠠᠶᠢᠯ᠎ᠠ᠃ ᠣᠶᠢᠷ᠎ᠠ ᠶᠢᠨ ᠵᠢᠯ᠂ ᠰᠠᠩ ᠤᠨ ᠳᠠᠯᠠᠢ ᠰᠤᠷᠭᠠᠭᠤᠯᠢ ᠦᠨᠳᠦᠰᠦᠲᠡᠨ ᠤ ᠠᠵᠢᠯ ᠢ ᠰᠠᠶᠢᠲᠤᠷ ᠬᠢᠬᠦ ᠶᠢ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠤᠨ᠂ ᠪᠠᠶᠢᠭᠤᠯᠤᠯ ᠤᠨ ᠲᠤᠭᠳᠠᠯᠴᠠᠭ᠎ᠠ ᠶᠢ ᠪᠦᠷᠢᠨᠰᠢᠭᠦᠯᠵᠦ᠂ ᠬᠠᠮᠢᠶ᠎ᠠ ᠲᠠᠢ ᠲᠥᠰᠦᠯ ᠲᠣᠭᠲᠠᠭᠠᠨ᠂ ᠬᠠᠷᠠᠯᠲᠠ ᠪᠠᠨ ᠲᠣᠳᠣᠷᠬᠠᠶᠢᠯᠠᠵᠤ᠂ ᠡᠭᠦᠳᠦᠨ ᠪᠠᠶᠢᠭᠤᠯᠬᠤ ᠠᠵᠢᠯ ᠢ ᠳᠥᠯᠭᠢᠨ ᠠᠬᠢᠭᠤᠯᠵᠠᠢ᠃ ᠨᠠᠮ ᠤᠨ ᠰᠤᠷᠭᠠᠭᠤᠯᠢ ᠶᠢᠨ ᠫᠷᠤᠹᠧᠰᠰᠤᠷ ᠢ ᠤᠷᠢᠵᠤ ᠲᠤᠰᠬᠠᠢ ᠰᠡᠳᠦᠪᠲᠦ ᠲᠠᠶᠢᠯᠤᠮᠵᠢ ᠬᠢᠯᠭᠡᠭᠦ᠂ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠦᠷᠨᠢᠬᠦᠯᠬᠦ᠂ ︽ᠭᠤᠷᠪᠠᠨ ᠬᠤᠷᠠᠯ ᠨᠢᠭᠡ ᠬᠢᠴᠢᠶᠡᠯ︾᠂ ᠲᠥᠪᠯᠡᠷᠡᠭᠦᠯᠦᠨ ᠰᠤᠷᠤᠯᠴᠠᠬᠤ᠂ ᠲᠤᠰᠬᠠᠢ ᠰᠡᠳᠦᠪᠲᠦ ᠪᠣᠯᠪᠠᠰᠤᠷᠠᠯ ᠬᠦᠷᠲᠡᠭᠡᠬᠦ ᠵᠡᠷᠭᠡ ᠬᠡᠯᠪᠡᠷᠢ ᠪᠠᠷ ᠡᠯ᠎ᠡ ᠦᠨᠳᠦᠰᠦᠳᠡᠨ ᠤ ᠪᠠᠭᠰᠢ ᠨᠠᠷ ᠢ ᠵᠣᠬᠢᠶᠠᠨ ᠪᠠᠶᠢᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠵᠢᠴᠢ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠭᠤᠯᠵᠤ᠂ ᠪᠠᠭᠰᠢ ᠠᠵᠢᠯᠳᠠᠳ ᠤᠨ ᠳᠤᠮᠳᠠᠳᠤ  ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠦᠵᠡᠯ ᠰᠠᠨᠠᠭ᠎ᠠ ᠤᠨᠤᠯ ᠤᠨ ᠰᠠᠭᠤᠷᠢ ᠶᠢ ᠪᠠᠳᠤᠳᠬᠠᠭᠰᠠᠨ ᠪᠠᠶᠢᠨ᠎ᠠ᠃     ᠰᠠᠩ ᠤᠨ ᠳᠠᠯᠠᠢ ᠰᠤᠷᠭᠠᠭᠤᠯᠢ ᠶᠢᠨ ᠵᠠᠬᠢᠷᠤᠯ ᠪᠦᠷᠢᠨᠪᠠᠶᠠᠷ ᠬᠡᠯᠡᠬᠦ ᠳᠡᠭᠡᠨ᠄ ᠮᠠᠨ ᠤ ᠰᠤᠷᠭᠠᠭᠤᠯᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ ᠠᠵᠢᠯᠯᠠᠭ᠎ᠠ ᠪᠠᠷ ᠭᠠᠷᠳᠠᠴᠠ ᠪᠤᠯᠭᠠᠨ᠂ ︽ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠦᠨ ᠮᠡᠲᠦ ᠳᠣᠲᠣᠨᠣ ᠪᠠᠶᠢᠵᠦ᠂ ᠳᠤᠮᠳᠠᠳᠤ ᠶᠢᠨ ᠬᠦᠰᠡᠯ ᠵᠡᠭᠦᠳᠦ ᠶᠢ ᠬᠠᠮᠳᠤ ᠪᠠᠷ ᠳᠡᠷᠭᠡᠯᠰᠢᠬᠦᠯᠬᠦ︾ ᠡᠬᠡ ᠪᠢᠴᠢᠭ ᠡᠯᠰᠡᠬᠦ ᠤᠷᠤᠯᠳᠤᠭᠠᠨ᠂ ᠤᠷᠠᠨ ᠪᠢᠴᠢᠯᠭᠡ ᠤᠷᠠᠨ ᠵᠢᠷᠤᠭ  ᠤᠨ ᠤᠷᠤᠯᠳᠤᠭᠠᠨ᠂ ᠶᠠᠷᠢᠶ᠎ᠠ ᠢᠯᠡᠳᠬᠡᠯ ᠤᠨ ᠤᠷᠤᠯᠳᠤᠭᠠᠨ ᠵᠢᠴᠢ ︽ᠦᠨᠳᠦᠰᠦᠲᠡᠨ ᠤ ᠪᠦᠯᠬᠦᠮᠳᠡᠯ ᠳᠠᠪᠰᠢᠯᠲᠠ  ᠶᠢᠨ ᠦᠯᠢᠭᠡᠷ ᠢ ᠶᠠᠷᠢᠬᠤ︾ ᠭᠤᠤᠯ ᠰᠡᠳᠦᠪᠲᠦ ᠠᠩᠭᠢ ᠶᠢᠨ ᠬᠤᠷᠠᠯ ᠵᠡᠷᠭᠡ ᠶᠢ ᠵᠤᠬᠢᠶᠠᠨ ᠪᠠᠶᠢᠭᠤᠯᠵᠤ ᠦᠷᠨᠢᠬᠦᠯᠬᠦ  ᠠᠴᠠ ᠭᠠᠳᠠᠨ᠎ᠠ ᠰᠠᠷ᠎ᠠ ᠪᠦᠷᠢ ᠪᠦᠬᠦ ᠰᠤᠷᠤᠭᠴᠢᠳ ᠤᠨ ᠳᠤᠮᠳᠠ ︽ᠨᠤᠮ ᠤᠨ ᠬᠤᠷ᠎ᠠ ᠪᠠᠷ ᠤᠮᠳᠠᠯᠠᠵᠤ᠂ ᠦᠰᠦᠨ ᠪᠣᠶᠢᠵᠢᠯᠲᠠ ᠳᠤ ᠲᠤᠰᠠᠯᠠᠬᠤ︾ ᠤᠩᠰᠢᠯᠭ᠎ᠠ ᠶᠢᠨ ᠠᠵᠢᠯᠯᠠᠭ᠎ᠠ᠂ ᠬᠡᠯᠡ ᠪᠢᠴᠢᠭ ᠤᠨ ᠰᠣᠨᠣᠰᠴᠤ ᠪᠢᠴᠢᠬᠦ ᠤᠷᠤᠯᠳᠤᠭᠠᠨ᠂ ᠤᠷᠠᠨ ᠪᠢᠴᠢᠯᠭᠡ ᠶᠢᠨ ᠤᠷᠤᠯᠳᠤᠭᠠᠨ᠂ ︽ᠤᠯᠠᠭᠠᠨ ᠪᠦᠴᠡᠳᠡᠨ ᠨᠠᠮ ᠢᠶᠠᠨ ᠳᠠᠭᠠᠬᠤ︾ ᠡᠬᠡ ᠤᠯᠤᠰ ᠢᠶᠠᠨ ᠮᠠᠭᠲᠠᠨ ᠳᠠᠭᠤᠯᠠᠬᠤ ᠠᠵᠢᠯᠯᠠᠭ᠎ᠠ ᠶᠢ ᠦᠷᠨᠢᠬᠦᠯᠦᠨ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠲᠦᠪᠰᠢᠨ ᠢ ᠪᠦᠬᠦ ᠬᠦᠴᠦᠨ ᠢᠶᠠᠷ ᠢᠶᠠᠨ ᠳᠡᠭᠡᠭᠰᠢᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠥᠮᠦᠵᠢᠯ ᠢ ᠬᠦᠨᠵᠡᠭᠡᠶᠢᠷᠡᠭᠦᠯᠦᠭᠰᠡᠨ ᠪᠠᠶᠢᠨ᠎ᠠ︾ ᠭᠡᠯ᠎ᠡ᠃     ᠰᠠᠩ ᠤᠨ ᠲᠡᠯᠡᠶ ᠰᠤᠷᠭᠠᠭᠤᠯᠢ ᠨᠢ ᠬᠠᠪᠢᠷᠭ᠎ᠠ ᠪᠠᠭ᠎ᠠ ᠰᠤᠷᠭᠠᠭᠤᠯᠢ ᠲᠠᠢ ︽ᠬᠠᠷᠢᠯᠴᠠᠨ ᠬᠠᠪᠰᠤᠷᠤᠯᠴᠠᠵᠤ ᠬᠠᠮᠳᠤ ᠪᠠᠷ ᠪᠠᠶᠢᠭᠤᠯᠬᠤ︾ ᠶᠢ ᠴᠢᠩᠭᠠᠳᠬᠠᠵᠤ᠂ ᠬᠤᠶᠠᠷ ᠰᠤᠷᠭᠠᠭᠤᠯᠢ ᠶᠢᠨ ᠡᠯ᠎ᠡ ᠦᠨᠳᠦᠰᠦᠳᠡᠨ ᠤ ᠪᠠᠭᠰᠢ ᠰᠤᠷᠤᠭᠴᠢᠳ ᠢ ᠵᠣᠬᠢᠶᠠᠨ ᠪᠠᠶᠢᠭᠤᠯᠵᠤ ︽ᠨᠠᠮ ᠤᠨ ᠠᠴᠢ ᠳᠤ ᠲᠠᠯᠠᠷᠬᠠᠬᠤ᠂ ᠨᠠᠮ ᠤᠨ ᠵᠢᠭᠠᠪᠤᠷᠢ ᠶᠢ ᠰᠤᠨᠤᠰᠤᠨ᠂ ᠨᠠᠮ ᠢᠶᠠᠨ ᠳᠠᠭᠠᠬᠤ︾ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠲᠤᠷᠰᠢᠯᠭ᠎ᠠ ᠰᠤᠯᠢᠯᠴᠠᠬᠤ᠂ ︽ᠳᠤᠮᠳᠠᠳᠤ ᠶᠢᠨ ᠦᠨᠳᠦᠰᠦᠲᠡᠨ ᠨᠢᠭᠡ ᠬᠡᠷ ᠤᠨ ᠬᠥᠮᠦᠨ ᠮᠡᠲᠦ ᠳᠣᠲᠣᠨᠣ︾ ᠥᠲᠥᠨ ᠪᠥᠮᠪᠦᠭᠡ ᠶᠢᠨ ᠤᠷᠤᠯᠳᠤᠭᠠᠨ ᠂ ︽ᠦᠨᠳᠦᠰᠦᠲᠡᠨ ᠤ ᠪᠦᠯᠬᠦᠮᠳᠡᠯ ᠤᠨ ᠰᠡᠳᠦᠪᠳᠤ ᠤᠷᠠᠨ ᠵᠢᠷᠤᠭ ᠤᠨ ᠠᠵᠢᠯᠯᠠᠭ᠎ᠠ︾᠂ ︽ᠨᠥᠬᠦᠷᠯᠡᠯ ᠢᠶᠠᠨ ᠬᠦᠨᠵᠡᠭᠡᠶᠢᠷᠡᠬᠦᠯᠬᠦ︾ ᠬᠥᠳᠡᠯᠮᠦᠷᠢ ᠶᠢᠨ ᠬᠢᠴᠢᠶᠡᠯ ᠵᠡᠷᠭᠡ ᠡᠯᠪᠡᠭ ᠪᠠᠶᠠᠯᠢᠭ ᠠᠵᠢᠯᠯᠠᠭ᠎ᠠ ᠶᠢ ᠥᠷᠨᠢᠭᠦᠯᠵᠦ᠂ ᠬᠤᠶᠠᠷ ᠰᠤᠷᠭᠠᠭᠤᠯᠢ ᠶᠢᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠬᠦᠨᠵᠡᠭᠡᠶᠢᠷᠡᠭᠦᠯᠵᠦ᠂ ᠬᠠᠷᠢᠯᠴᠠᠨ ᠰᠤᠷᠤᠯᠴᠠᠬᠤ᠂ ᠬᠠᠮᠲᠤ ᠪᠠᠷ ᠳᠠᠪᠰᠢᠬᠤ ᠶᠢ ᠠᠬᠢᠭᠤᠯᠵᠠᠢ᠃      ᠰᠠᠩ ᠤᠨ ᠲᠡᠯᠡᠶ ᠰᠤᠷᠭᠠᠭᠤᠯᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠤᠯ ᠰᠢᠵᠢᠮ ᠢ ᠪᠠᠷᠢᠮᠲᠠᠯᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠬᠡᠦᠬᠡᠳ ᠪᠠᠭᠠᠴᠤᠳ ᠠᠴᠠ ᠡᠬᠢᠯᠡᠨ ᠠᠳᠬᠤᠬᠤ ᠣᠶᠢᠯᠠᠭᠠᠭᠳᠠᠬᠤᠨ ᠢ ᠪᠠᠲᠤ ᠪᠣᠶ ᠪᠣᠯᠭᠠᠵᠤ᠂ ᠤᠯᠤᠰ ᠢᠶᠠᠨ ᠬᠠᠶᠢᠷᠠᠯᠠᠬᠤ ᠬᠦᠮᠦᠵᠢᠯ ᠢ ᠬᠡᠦᠬᠡᠳ ᠨᠢᠭᠡᠪᠦᠷᠢ ᠶᠢᠨ ᠰᠡᠳᠬᠢᠯ ᠳᠤ ᠬᠠᠳᠠᠩᠰᠢᠭᠤᠯᠤᠨ᠂ ᠰᠢᠨ᠎ᠡ ᠠᠶᠠᠨ ᠳᠤ ᠡᠷᠡᠮᠡᠬᠡᠶᠢᠯᠡᠨ ᠤᠷᠤᠭᠰᠢᠯᠠᠵᠤ ᠪᠤᠢ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号