| ᠬᠤᠲᠠ ᠪᠠᠯᠭᠠᠰᠤᠨ ᠤ ᠬᠠᠮᠢᠶᠠᠷᠤᠯᠲᠠ ᠶᠢ ᠴᠢᠩᠭᠠᠳᠬᠠᠨ᠂ ᠬᠤᠲᠠ ᠲᠣᠭᠤᠷᠢᠭ ᠤᠨ ᠲᠡᠷᠭᠡ ᠤᠨᠤᠭᠠᠨ ᠤ ᠡᠮᠬᠢ | ᠳᠢᠭᠯᠢᠮ ᠢ ᠤᠯᠠᠮ ᠵᠢᠷᠤᠮᠵᠢᠭᠤᠯᠬᠤ ᠶᠢᠨ ᠲᠤᠯᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ | ᠬᠠᠷᠢᠯᠴᠠᠭᠠᠨ ᠤ ᠠᠮᠤᠷ ᠲᠦᠪᠰᠢᠨ ᠤ ᠬᠠᠤᠯᠢ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ ᠶᠢ | ᠬᠡᠷᠡᠭᠵᠢᠭᠦᠯᠬᠦ ᠲᠦᠷᠢᠮ﹀ ᠢ ᠬᠡᠷᠡᠭᠵᠢᠭᠦᠯᠬᠦ ᠠᠷᠭ᠎ᠠ︾ ᠶᠣᠰᠣᠭᠠᠷ᠂ ᠬᠠᠷᠢᠶ᠎ᠠ ᠣᠷᠣᠨ ᠤ ᠪᠣᠳᠠᠲᠠᠶ ᠲᠠᠢ ᠪᠠᠨ | ᠤᠶᠠᠯᠳᠤᠭᠤᠯᠤᠨ᠂ ᠰᠢᠯᠤᠭᠤᠨ ᠬᠥᠬᠡ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠨᠢ ᠲᠡᠷᠭᠡ | ᠤᠨᠤᠭ᠎ᠠ ᠶᠢ ᠳᠤᠷ᠎ᠠ ᠲᠠᠪᠠ ᠪᠠᠷ ᠢᠶᠠᠨ ᠵᠣᠭᠰᠣᠬᠤ ᠵᠡᠷᠭᠡ ᠬᠠᠤᠯᠢ ᠳᠣᠭᠲᠠᠭᠠᠯ ᠢ ᠵᠥᠷᠢᠴᠡᠭᠰᠡᠨ ᠠᠵᠢᠯᠯᠠᠭ᠎ᠠ ᠶᠢ | ᠴᠡᠭᠴᠡᠯᠡᠨ ᠵᠠᠰᠠᠬᠤ ᠪᠠᠷ ᠪᠣᠯᠪᠠ᠂ ᠡᠳᠦᠭᠡ ᠬᠠᠮᠢᠶ᠎ᠠ ᠪᠥᠬᠦᠶ ᠵᠦᠶᠯᠡᠰ ᠢ ᠮᠡᠳᠡᠭᠳᠡᠶ᠎ᠡ᠄ | ᠨᠢᠭᠡ᠂ ᠱᠠᠩᠳᠤ ᠪᠠᠯᠭᠠᠰᠤ᠂ ᠰᠠᠩ ᠤᠨ ᠳᠠᠯᠠᠶ ᠪᠠᠯᠭᠠᠰᠤ᠂ ᠤᠷᠲᠤ ᠨᠡᠶᠢᠭᠡᠮ ᠲᠣᠭᠤᠷᠢᠭ ᠤᠨ ᠭᠤᠣᠯ ᠵᠠᠮ | ᠱᠣᠭᠤᠮ᠂ ᠶᠠᠪᠠᠭᠠᠨ ᠬᠦᠮᠦᠨ ᠤ ᠵᠠᠮ ᠳᠡᠭᠡᠷ᠎ᠡ ᠵᠢᠴᠢ ᠵᠠᠮ ᠤᠨ ᠬᠤᠶᠠᠷ ᠲᠠᠯ᠎ᠠ ᠪᠠᠷ ᠲᠡᠷᠭᠡ ᠤᠨᠤᠭ᠎ᠠ ᠳᠤᠷ᠎ᠠ ᠪᠠᠷ | ᠢᠶᠠᠨ ᠵᠣᠭᠰᠣᠭᠠᠬᠤ ᠶᠢ ᠴᠢᠩᠭ᠎ᠠ ᠴᠠᠭᠠᠵᠠᠯᠠᠨ᠎ᠠ᠂ ᠡᠬᠦᠨ ᠳᠤ ᠡᠯ᠎ᠡ ᠰᠤᠮᠤ ︵ᠲᠠᠯᠠᠪᠠᠶ︶ ᠪᠠᠯᠭᠠᠰᠤ ᠴᠥᠮ | ᠪᠠᠭᠲᠠᠨ᠎ᠠ᠃ | ᠬᠤᠶᠠᠷ᠂ ᠬᠤᠲᠠ ᠶᠢᠨ ᠭᠤᠤᠯ ᠵᠠᠮ ᠳᠠᠬᠢ ᠲᠡᠷᠭᠡ ᠵᠣᠭᠰᠤᠭᠠᠬᠤ ᠲᠠᠯᠠᠪᠠᠢ ᠳᠤ ᠡᠷᠬᠡᠪᠰᠢ ᠳᠡᠰ ᠳᠠᠷᠠᠭ᠎ᠠ ᠲᠠᠢ᠂ | ᠡᠮᠬᠢ ᠵᠢᠷᠤᠮ ᠲᠠᠢ᠂ ᠵᠥᠪ ᠴᠢᠭᠯᠡᠯ ᠢᠶᠠᠷ ᠲᠡᠷᠭᠡ ᠪᠠᠨ ᠵᠣᠭᠰᠣᠭᠠᠵᠤ᠂ ᠰᠥᠷᠭᠡᠦ ᠴᠢᠭᠯᠡᠯ ᠢᠶᠠᠷ ᠵᠣᠭᠰᠤᠭᠠᠬᠤ ᠶᠢ | ᠴᠢᠩᠭ᠎ᠠ ᠴᠠᠭᠠᠵᠠᠯᠠᠨ᠎ᠠ᠃ | ᠭᠤᠷᠪᠠ᠂ ᠳᠥᠷᠢᠮ ᠲᠣᠭᠲᠠᠭᠠᠯ ᠢ ᠵᠥᠷᠢᠴᠡᠨ ᠲᠡᠷᠭᠡ ᠤᠨᠤᠭ᠎ᠠ ᠪᠠᠨ ᠵᠣᠭᠰᠤᠭᠠᠭᠰᠠᠨ ᠪᠠᠶᠢᠪᠠᠯ ᠰᠡᠷᠡᠮᠵᠢᠯᠡᠭᠦᠯᠦᠨ | ᠵᠠᠷᠯᠢᠭᠳᠠᠵᠤ ᠵᠠᠶᠢᠯᠠᠭᠤᠯᠬᠤ ᠪᠣᠯᠤᠨ᠎ᠠ᠃ᠬᠡᠷᠪᠡ ᠵᠢᠯᠣᠭᠤᠴᠢ ᠨᠢ ᠲᠤᠬᠠᠶ ᠶᠢᠨ ᠲᠠᠯᠠᠪᠠᠶ ᠳᠤ ᠪᠠᠶᠢᠬᠤ ᠦᠭᠡᠶ ᠪᠤᠶᠤ | ᠲᠤᠬᠠᠶ ᠶᠢᠨ ᠲᠠᠯᠠᠪᠠᠶ ᠳᠤ ᠪᠠᠶᠢᠭᠰᠠᠨ ᠴᠤ ᠳᠠᠷᠤᠶᠢᠬᠠᠨ ᠵᠠᠶᠢᠯᠠᠭᠤᠯᠬᠤ ᠶᠢ ᠲᠡᠪᠴᠢᠭᠰᠡᠨ ᠪᠣᠯ ᠬᠠᠤᠯᠢ ᠶᠣᠰᠣᠭᠠᠷ | ᠰᠢᠳᠬᠡᠨ ᠲᠣᠷᠭᠠᠬᠤ ᠪᠣᠯᠤᠨ᠎ᠠ᠃ ᠬᠠᠤᠯᠢ ᠠᠴᠠ ᠵᠥᠷᠢᠴᠡᠨ ᠲᠡᠷᠭᠡ ᠣᠨᠤᠭ᠎ᠠ ᠵᠣᠭᠰᠣᠭᠠᠵᠤ ᠪᠤᠰᠤᠳ ᠲᠡᠷᠭᠡ ᠪᠣᠶᠣ | ᠶᠠᠪᠠᠭᠠᠨ ᠬᠥᠮᠦᠨ ᠢ ᠬᠠᠷᠰᠢᠯᠠᠭᠰᠠᠨ ᠪᠣᠯ᠂ ᠴᠢᠷᠴᠦ ᠰᠢᠯᠵᠢᠭᠦᠯᠬᠦ ᠪᠣᠯᠤᠨ᠎ᠠ᠃ | ᠳᠥᠷᠪᠡ᠂ ᠲᠣᠰ ᠵᠠᠷᠯᠠᠯ ᠤᠨ ᠱᠠᠭᠠᠷᠳᠠᠯᠭ᠎ᠠ ᠶᠢ ᠵᠥᠷᠢᠴᠡᠭᠰᠡᠨ ᠪᠠᠶᠢᠪᠠᠯ᠂ ᠰᠢᠯᠤᠭᠤᠨ ᠬᠥᠬᠡ ᠬᠤᠰᠢᠭᠤᠨ ᠤ | ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠨᠢ ᠬᠠᠤᠯᠢ | ᠶᠣᠰᠣᠭᠠᠷ ᠰᠢᠳᠬᠡᠨ ᠲᠣᠷᠭᠠᠬᠤ ᠪᠣᠯᠤᠨ᠎ᠠ᠃ ᠬᠠᠤᠯᠢ ᠬᠡᠷᠡᠭᠵᠢᠭᠦᠯᠬᠦ ᠠᠵᠢᠯᠲᠠᠨ ᠤ ᠠᠯᠪᠠᠨ ᠶᠠᠪᠤᠳᠠᠯ ᠢᠶᠠᠨ | ᠭᠦᠢᠴᠡᠳᠬᠡᠬᠦ ᠳᠤ ᠬᠠᠮᠵᠢᠯᠴᠠᠬᠤ ᠦᠭᠡᠶ ᠬᠠᠷᠰᠢᠯᠠᠪᠠᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠢ ︽ᠪᠦᠭᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠳᠬᠡᠨ ᠲᠣᠷᠭᠠᠬᠤ | ᠬᠠᠤᠯᠢ︾ ᠶᠢᠨ ᠳᠠᠭᠠᠤ ᠰᠢᠳᠬᠡᠨ ᠲᠣᠷᠭᠠᠨ᠎ᠠ᠂ ᠬᠡᠷᠪᠡ ᠶᠠᠯ᠎ᠠ ᠳᠤ ᠬᠦᠷᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ | ᠶᠢᠨ ᠬᠠᠷᠢᠭᠤᠴᠠᠯᠭ᠎ᠠ ᠨᠡᠬᠡᠮᠵᠢᠯᠡᠬᠦ ᠪᠣᠯᠤᠨ᠎ᠠ᠃ | ᠣᠯᠠᠨ ᠢᠶᠠᠷ ᠢᠶᠠᠨ ᠵᠠᠮ ᠬᠠᠷᠢᠯᠴᠠᠭᠠᠨ ᠤ ᠬᠠᠤᠯᠢ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠨ ᠰᠠᠬᠢᠵᠤ᠂ | ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠡᠰᠡᠷᠭᠦᠴᠡᠨ ᠬᠤᠷᠢᠭᠯᠠᠵᠤ᠂ ᠪᠣᠯᠪᠠᠰᠤᠨ | ᠢᠶᠠᠷ ᠶᠠᠪᠤᠵᠤ ᠰᠠᠭᠤᠨ᠂ ᠵᠢᠷᠤᠮᠵᠢᠯ ᠲᠠᠢ ᠢᠶᠠᠷ ᠲᠡᠷᠭᠡ ᠤᠨᠤᠭ᠎ᠠ ᠪᠠᠨ ᠵᠣᠭᠰᠤᠭᠠᠵᠤ᠂ ᠵᠠᠮ ᠬᠠᠷᠢᠯᠴᠠᠭᠠᠨ ᠤ ᠠᠮᠤᠷ | ᠲᠦᠪᠰᠢᠨ ᠡᠮᠬᠢ ᠳᠢᠭᠯᠢᠮ ᠢ ᠬᠠᠮᠠᠭᠠᠯᠠᠬᠤ ᠬᠡᠷᠡᠭᠲᠡᠶ᠃ | ᠲᠤᠰ ᠮᠡᠳᠡᠭᠳᠡᠯ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | | | | | | | ᠰᠢᠯᠤᠭᠤᠨ ᠬᠥᠬᠡ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤᠠᠮ ᠬᠠᠷᠢᠯᠴᠠᠭᠠᠨ ᠤ | ᠬᠠᠮᠢᠶᠠᠷᠤᠯᠲᠠ ᠶᠢᠨ ᠶᠡᠭᠡ ᠠᠩᠭᠢ | 2024 ᠣᠨ ᠤ 3 ᠰᠠᠷ᠎ᠠ ᠶᠢᠨ 31 ᠤ ᠡᠳᠦᠷ | | |