ᠬᠥᠳᠡᠭᠡ  ᠲᠣᠰᠬᠤᠨ ᠎ ᠢ  ᠬᠥᠭᠵᠢᠭᠦᠯᠦᠨ  ᠮᠠᠨᠳᠤᠭᠤᠯᠬᠤ  ᠠᠵᠤ ᠦᠶᠯᠡᠰ ᠤᠨ ᠳᠠᠭᠠᠭᠤᠯᠤᠭᠴᠢ —  ᠰᠢᠯᠤᠭᠤᠨ ᠬᠥᠬᠡ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠵᠠᠨ ᠰᠢᠶᠤᠤ ᠺᠠᠶ
ᠨᠡᠶᠢᠲᠡᠯᠡᠭᠰᠡᠨ ᠴᠠᠭ᠄
2024/4/2
    ᠵᠠᠨ ᠰᠢᠶᠣᠤ ᠺᠠᠶ ᠪᠣᠯ ᠰᠢᠯᠤᠭᠤᠨ ᠬᠥᠬᠡ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠃ ᠲᠡᠷᠡ ᠮᠢᠬᠠᠨ ᠤ ᠦᠬᠡᠷ ᠪᠤᠷᠳᠤᠨ ᠳᠠᠷᠭᠤᠯᠠᠭᠤᠯᠬᠤ ᠪᠠᠷ ᠳᠡᠮᠵᠢᠨ ᠦᠶᠯᠡᠰ ᠪᠤᠰᠬᠠᠬᠤ ᠵᠠᠮ ᠢᠶᠠᠨ ᠡᠬᠢᠯᠡᠭᠦᠯᠵᠦ᠂ ᠠᠷᠠᠳ ᠤᠯᠠᠨ ᠢᠶᠠᠨ ᠳᠠᠭᠠᠭᠤᠯᠤᠨ ᠬᠠᠮᠲᠤ ᠪᠠᠷ ᠪᠠᠶᠠᠵᠢᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦ ᠨᠡᠮᠡᠷᠢᠯᠡᠵᠦ ᠪᠠᠶᠢᠨ᠎ᠠ᠃    ᠵᠠᠨ ᠰᠢᠶᠤᠤ ᠺᠠᠶ ᠶᠡᠭᠡ ᠰᠤᠷᠭᠠᠭᠤᠯᠢ ᠪᠠᠨ ᠲᠡᠭᠦᠰᠦᠭᠰᠡᠨ ᠤ ᠳᠠᠷᠠᠭ᠎ᠠ ᠪᠡᠭᠡᠵᠢᠩ ᠳᠤ ᠦᠯᠡᠳᠡᠵᠦ ᠮᠥᠩᠭᠦᠨ ᠭᠦᠶᠯᠭᠡᠭᠡᠨ ᠤ ᠮᠡᠷᠭᠡᠵᠢᠯ ᠢᠶᠠᠷ 5 ᠵᠢᠯ ᠠᠵᠢᠯᠯᠠᠭᠰᠠᠨ ᠪᠠᠶᠢᠨ᠎ᠠ᠃ ᠤᠶᠢᠷ᠎ᠠ ᠶᠢᠨ ᠵᠢᠯ ᠤᠯᠤᠰ ᠤᠨ ᠲᠦᠷᠦ ᠶᠢᠨ ᠪᠤᠳᠤᠯᠭ᠎ᠠ ᠪᠣᠯᠤᠨ ᠣᠷᠣᠨ ᠨᠤᠲᠤᠭ ᠤᠨ ᠵᠠᠰᠠᠭ ᠤᠨ ᠣᠷᠳᠣᠨ ᠠᠴᠠ ᠮᠠᠯ ᠠᠵᠤ ᠠᠬᠤᠢ ᠶᠢ ᠶᠡᠭᠡ ᠪᠠᠷ ᠲᠡᠳᠬᠦᠵᠦ᠂ ︽ᠮᠠᠯ ᠠᠵᠤ ᠠᠬᠤᠢ ᠮᠠᠯᠵᠢᠬᠤ ᠲᠠᠷᠢᠶᠠᠯᠠᠬᠤ ᠤᠷᠤᠨ ᠮᠠᠯᠴᠢᠨ ᠲᠠᠷᠢᠶᠠᠴᠢᠨ︾᠎ ᠢ ᠵᠣᠷᠢᠭᠵᠢᠭᠤᠯᠵᠤ ᠪᠠᠶᠢᠬᠤ ᠶᠢ ᠤᠶᠢᠯᠠᠭᠠᠭᠰᠠᠨ ᠳᠡᠷᠡᠪᠡᠷ 2021 ᠤᠨ ᠳᠤ ᠨᠤᠲᠤᠭ ᠲᠠᠭᠠᠨ ᠪᠤᠴᠠᠵᠤ ᠦᠢᠯᠡᠰ ᠪᠤᠰᠬᠠᠬᠤ ᠪᠠᠷ ᠰᠢᠢᠳᠴᠡᠢ᠃    ᠵᠠᠨ ᠰᠢᠶᠤᠤ ᠺᠠᠶ ᠨᠤᠲᠤᠭ ᠤᠰᠤᠨ ᠤ ᠪᠠᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠳᠡᠮᠵᠢᠯᠭᠡ ᠪᠠ ᠥᠪᠡᠷᠳᠡᠭᠡᠨ ᠲᠠᠰᠤᠷᠠᠯ ᠦᠭᠡᠢ ᠰᠦᠪᠡᠭᠴᠢᠯᠡᠨ ᠰᠤᠷᠤᠯᠴᠠᠬᠤ ᠪᠠᠷ ᠳᠠᠮᠵᠢᠨ ᠪᠤᠷᠳᠤᠨ ᠳᠠᠷᠭᠤᠯᠠᠭᠤᠯᠬᠤ᠂ ᠡᠭᠦᠯᠳᠡᠷ ᠰᠠᠶᠢᠵᠢᠷᠠᠭᠤᠯᠬᠤ᠂ ᠮᠠᠯ ᠤᠨ ᠬᠢᠵᠢᠭ ᠬᠡᠮ ᠢ ᠰᠡᠷᠭᠡᠶᠢᠯᠡᠬᠦ ᠵᠡᠷᠭᠡ ᠮᠡᠷᠭᠡᠵᠢᠯ ᠢ ᠪᠥᠬᠦ ᠲᠠᠯ᠎ᠠ ᠪᠠᠷ ᠡᠵᠡᠮᠰᠢᠵᠦ ︽ᠦᠬᠡᠷ ᠮᠠᠯᠵᠢᠬᠤ ᠲᠤᠰᠬᠠᠶ ᠮᠡᠷᠭᠡᠵᠢᠯᠲᠡᠨ︾ ᠪᠣᠯᠤᠭᠰᠠᠨ ᠪᠥᠭᠡᠳ ᠯᠢᠦᠶ ᠽᠧ ᠲᠡᠵᠢᠭᠡᠨ ᠦᠷᠡᠵᠢᠭᠦᠯᠬᠦ ᠬᠤᠷᠰᠢᠶᠠᠵᠢᠯ ᠎ ᠤᠨ ᠢᠶᠠᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠬᠦᠯᠦᠭᠰᠡᠨ ᠪᠠᠶᠢᠨ᠎ᠠ᠃2022 ᠣᠨ ᠳᠤ᠂ ᠵᠠᠨ ᠰᠢᠶᠤᠤ ᠺᠠᠶ ︽ᠭᠤᠤᠯᠳᠠᠯᠭᠠᠳᠤ ᠰᠦᠷᠦᠭ + ᠮᠠᠯᠵᠢᠬᠤ ᠡᠷᠦᠬᠡ︾᠎ ᠶᠢᠨ ᠬᠡᠯᠪᠡᠷᠢ ᠶᠢ ᠢᠳᠡᠪᠬᠢᠲᠡᠶ ᠰᠦᠪᠡᠭᠴᠢᠯᠡᠨ ᠰᠢᠨ᠎ᠡ ᠶᠢ ᠡᠭᠦᠳᠴᠦ᠂ ᠬᠤᠷᠰᠢᠶᠠᠵᠢᠯ ᠤᠨ ᠬᠡᠯᠪᠡᠷᠢ ᠪᠠᠨ ᠬᠤᠪᠢᠷᠠᠭᠤᠯᠬᠤ ᠶᠠᠪᠤᠴᠠ ᠳᠤ ᠴᠢᠨᠠᠷ ᠰᠠᠶᠢᠲᠠᠶ ᠡᠬᠡ ᠮᠠᠯ ᠬᠤᠳᠠᠯᠳᠤᠨ ᠠᠪᠴᠤ᠂ ᠵᠢᠯ ᠳᠤ 1000 ᠭᠠᠷᠤᠶ ᠠᠮᠢᠳᠤ ᠮᠠᠯ ᠪᠤᠷᠤᠯᠠᠭᠤᠯᠤᠨ᠂ 2600 ᠭᠠᠷᠤᠶ ᠲᠦᠮᠡᠨ ᠲᠥᠭᠦᠷᠢᠭ ᠤᠨ ᠦᠶᠯᠡᠳᠬᠦᠨ ᠤ ᠥᠷᠲᠡᠭ ᠢ ᠪᠡᠶᠡᠯᠡᠭᠦᠯᠦᠭᠰᠡᠨ ᠢᠶᠠᠷ ᠪᠠᠷᠠᠬᠤ ᠦᠭᠡᠢ ᠡᠷᠬᠢᠨ ᠲᠣᠭᠤᠷᠢᠨ ᠤ ᠮᠠᠯᠵᠢᠬᠤ ᠡᠷᠦᠬᠡ ᠶᠢᠨ ᠮᠠᠯ ᠢᠶᠠᠨ ᠪᠣᠷᠣᠯᠠᠭᠤᠯᠬᠤ ᠳᠤ ᠬᠦᠴᠢᠷᠲᠡᠶ ᠪᠠᠶᠢᠬᠤ ᠠᠰᠠᠭᠤᠳᠠᠯ ᠢ ᠬᠠᠪᠰᠤᠷᠤᠨ ᠰᠢᠢᠳᠪᠦᠷᠢᠯᠡᠵᠡᠢ᠃    ᠲᠡᠷᠡ᠂ ᠠᠵᠤ ᠠᠬᠤᠶᠢᠯᠠᠯ ᠤᠨ ᠪᠠᠶᠢᠭ᠎ᠠ ᠭᠠᠵᠠᠷ ᠪᠤᠯᠬᠤ ᠤᠯᠠᠭᠠᠨ ᠬᠥᠲᠥᠯ ᠲᠣᠰᠬᠤᠨ ᠢᠶᠠᠷ 9 ᠰᠠᠭᠤᠷᠢᠨ ᠭᠠᠵᠠᠷ ᠪᠣᠯᠭᠠᠨ ︽ᠬᠥᠲᠥᠯ︾ ᠲᠡᠮᠳᠡᠭ ᠢ ᠳᠠᠩᠰᠠᠯᠠᠭᠤᠯᠵᠤ᠂ ᠬᠤᠷᠰᠢᠶᠠᠵᠢᠯ ᠤᠨ ᠰᠦᠯᠵᠢᠶᠡᠨ ᠭᠠᠳᠠᠨᠠᠬᠢ ᠪᠣᠳᠠᠲᠤ ᠳᠡᠯᠭᠡᠭᠦᠷ ︽ᠤᠯᠠᠭᠠᠨ ᠬᠥᠲᠥᠯ ᠮᠠᠯᠵᠢᠯ ᠤᠨ ᠲᠠᠯᠠᠪᠠᠶ ᠶᠢᠨ ᠰᠢᠭᠤᠳ ᠡᠵᠡᠩᠨᠡᠬᠦ ᠳᠡᠯᠭᠡᠭᠦᠷ︾᠎ ᠢ ᠪᠠᠶᠢᠭᠤᠯᠵᠤ᠂ ᠡᠯᠧᠺᠲᠷᠣᠨ ᠬᠤᠳᠠᠯᠳᠤᠭᠠᠨ ᠤ ᠲᠠᠪᠴᠠᠩ᠂ ᠪᠦᠭᠡᠮ ᠢᠶᠠᠷ ᠬᠤᠳᠠᠯᠳᠤᠨ ᠠᠪᠬᠤ᠂ ᠸᠢᠴᠠᠲ ᠤᠨ ᠵᠢᠵᠢᠭ ᠫᠷᠤᠭ᠍ᠷᠠᠮ ᠵᠡᠷᠭᠡ ᠶᠢ ᠠᠰᠢᠭᠯᠠᠨ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠲᠠᠷᠢᠶᠠᠯᠠᠩ ᠤᠨ ᠪᠦᠲᠦᠭᠡᠭᠳᠡᠬᠦᠨ᠂ ᠰᠢᠨ᠎ᠡ ᠰᠣᠷᠭᠤᠭ ᠮᠢᠬ᠎ᠠ ᠶᠢ ᠪᠡᠭᠡᠵᠢᠩ ᠲᠢᠶᠠᠨᠵᠢᠨ ᠾᠧᠪᠧᠶ ᠵᠡᠷᠭᠡ ᠭᠠᠵᠠᠷ ᠤᠨ ᠬᠡᠷᠡᠭᠯᠡᠭᠴᠢᠳ ᠲᠤ ᠪᠤᠷᠤᠯᠠᠭᠤᠯᠵᠤ᠂ ᠬᠤᠷᠰᠢᠶᠠᠵᠢᠯ ᠤᠨ ᠢᠶᠠᠨ ᠪᠦᠷᠢᠨ ᠪᠦᠲᠦᠨ ᠠᠵᠤ ᠦᠶᠯᠡᠰ ᠤᠨ ᠬᠡᠯᠬᠢᠶ᠎ᠡ ᠶᠢ ᠪᠡᠶᠡᠯᠡᠭᠦᠯᠬᠦ ᠶᠢᠨ ᠬᠠᠮᠲᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠡᠢ᠃     ᠣᠳᠣᠬᠠᠨ ᠪᠣᠯᠲᠠᠯ᠎ᠠ᠂ ᠰᠢᠯᠤᠭᠤᠨ ᠬᠥᠬᠡ ᠬᠤᠰᠢᠭᠤᠨ ᠤ ᠯᠢᠦᠶ ᠽᠧ ᠲᠡᠵᠢᠭᠡᠨ ᠦᠷᠡᠵᠢᠭᠦᠯᠬᠦ ᠬᠤᠷᠰᠢᠶᠠᠵᠢᠯ ᠨᠡᠶᠢᠲᠡ 650 ᠰᠢᠮᠧᠨ᠋ᠲ᠋ᠠᠷ ᠦᠭᠡᠷ ᠲᠡᠵᠢᠭᠡᠵᠦ᠂ 2023 ᠣᠨ ᠳᠤ 600 ᠲᠣᠯᠣᠭᠠᠶ ᠦᠭᠡᠷ ᠪᠤᠷᠤᠯᠠᠭᠤᠯᠤᠭᠰᠠᠨ ᠪᠠᠶᠢᠨ᠎ᠠ᠃ ᠵᠠᠨ ᠰᠢᠶᠤᠤ ᠺᠠᠢ ᠥᠪᠡᠷ ᠢᠶᠠᠨ ᠪᠠᠰᠠ ᠳᠤᠮᠳᠠ ᠲᠡᠰ ᠤᠨ ᠮᠠᠯ ᠠᠵᠤ ᠠᠬᠤᠢ ᠶᠢᠨ ᠠᠵᠢᠯᠳᠠᠨ ᠤ ᠬᠢᠷᠢ ᠬᠡᠮ ᠤᠨ ᠨᠤᠳᠠᠯᠠᠯᠳᠠ ᠶᠢ ᠤᠯᠤᠭᠰᠠᠨ ᠪᠥᠭᠡᠳ 2023 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠤ ᠦᠶᠯᠡᠰ ᠤᠨ ᠳᠠᠭᠠᠭᠤᠯᠤᠭᠴᠢ ᠪᠤᠯᠤᠭᠰᠠᠨ ᠪᠠᠶᠢᠨ᠎ᠠ᠃    ᠵᠠᠨ ᠰᠢᠶᠤᠤ ᠺᠠᠶ ᠬᠡᠯᠡᠬᠦ ᠳᠡᠭᠡᠨ᠄ ︽2023 ᠣᠨ ᠳᠤ ᠰᠦᠷᠦᠭ ᠤᠨ ᠪᠦᠲᠦᠴᠡ ᠶᠢ ᠲᠠᠰᠤᠷᠠᠯᠲᠠ ᠥᠬᠡᠶ ᠰᠢᠯᠢᠳᠡᠭᠵᠢᠭᠦᠯᠵᠦ᠂ ᠴᠥᠭᠡᠨ ᠲᠡᠵᠢᠭᠡᠵᠦ ᠨᠠᠷᠢᠯᠢᠭ ᠮᠠᠯᠵᠢᠬᠤ ᠰᠢᠨᠵᠢᠯᠡᠬᠦ ᠤᠬᠠᠭᠠᠨᠴᠢ ᠮᠠᠯᠵᠢᠯ ᠤᠨ ᠵᠠᠮ ᠢᠶᠠᠷ ᠵᠠᠮᠨᠠᠬᠤ ᠪᠠᠷ ᠳᠡᠮᠵᠢᠨ ᠬᠤᠸᠠ ᠰᠢ ᠦᠬᠡᠷ ᠤᠨ ᠭᠤᠤᠯᠳᠠᠯᠭᠠᠳᠤ ᠰᠦᠷᠦᠭ ᠢᠶᠠᠷ ᠲᠤᠭᠳᠠᠭᠠᠭᠳᠠᠵᠤ᠂ ᠣᠷᠣᠨ ᠤ ᠲᠠᠰ ᠎ ᠤᠨ ᠵᠢᠱᠢᠶ᠎ᠡ ᠦᠵᠡᠭᠦᠯᠬᠦ ᠬᠤᠷᠰᠢᠶᠠᠵᠢᠯ ᠢᠶᠠᠷ ᠦᠨᠡᠯᠡᠭᠳᠡᠵᠡᠢ᠃ 2024 ᠣᠨ ᠳᠤ ᠪᠣᠬᠢᠷᠲᠤᠯ ᠥᠬᠡᠶ᠂ ᠣᠷᠭᠠᠨᠢᠭ ᠪᠦᠲᠦᠭᠡᠭᠳᠡᠬᠦᠨ ᠤ ᠪᠤᠷᠤᠯᠠᠭᠤᠯᠭ᠎ᠠ ᠶᠢ ᠤᠯᠠᠮ ᠨᠢᠭᠡ ᠠᠯᠬᠤᠮ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠳᠤ ᠬᠦᠴᠦᠨ ᠨᠡᠮᠡᠷᠢᠯᠡᠬᠦ ᠪᠠᠷ ᠴᠢᠷᠮᠠᠶᠢᠵᠦ ᠪᠤᠢ︾ ᠭᠡᠯ᠎ᠡ᠃    ᠲᠡᠷᠡ᠂ ᠪᠤᠷᠳᠤᠨ ᠳᠠᠷᠭᠤᠯᠠᠭᠤᠯᠬᠤ ᠦᠢᠯᠡᠰ ᠢ ᠡᠷᠬᠢᠯᠡᠬᠦ ᠶᠠᠪᠤᠴᠠ ᠳᠠᠭᠠᠨ ᠥᠪᠡᠷ ᠤᠨ ᠲᠤᠷᠰᠢᠯᠭ᠎ᠠ ᠪᠠᠷ ᠢᠶᠠᠨ ᠮᠠᠯᠴᠢᠨ ᠲᠦᠮᠡᠨ ᠳᠤ ᠰᠢᠨᠵᠢᠯᠡᠬᠦ ᠤᠬᠠᠭᠠᠨᠴᠢ ᠪᠠᠷ ᠪᠤᠷᠳᠤᠨ ᠳᠡᠵᠢᠭᠡᠵᠦ ᠦᠷ᠎ᠡ ᠠᠰᠢᠭ ᠢᠶᠠᠨ ᠳᠡᠭᠡᠭᠰᠢᠯᠡᠬᠦᠯᠬᠦ ᠶᠢ ᠵᠢᠯᠤᠭᠤᠳᠤᠨ᠂ ᠮᠢᠬᠠᠨ ᠤ ᠦᠬᠡᠷ ᠤᠨ ᠠᠵᠤ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠪᠤᠢ᠃
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠣᠴᠢᠯᠠᠭᠣᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号