ᠰᠢᠯᠤᠭᠤᠨ ᠬᠥᠬᠡ ᠬᠤᠰᠢᠭᠤ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ 2024 ᠣᠨ ᠤ ᠠᠩᠬᠠᠳᠤᠭᠠᠷ ᠤᠳᠠᠭᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/22
     4 ᠰᠠᠷ᠎ᠠ ᠶᠢᠨ 15᠎ ᠤ ᠡᠳᠦᠷ᠂ ᠰᠢᠯᠤᠭᠤᠨ ᠬᠥᠬᠡ ᠬᠤᠰᠢᠭᠤ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ 2024 ᠣᠨ ᠤ ᠠᠩᠬᠠᠳᠤᠭᠠᠷ ᠤᠳᠠᠭᠠᠨ ᠤ ᠬᠤᠷᠠᠯ ᠬᠤᠷᠠᠯᠳᠤᠭᠤᠯᠵᠤ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠯᠢᠦ ᠰᠢᠶᠣᠤ ᠮᠢᠨ ᠬᠤᠷᠠᠯ ᠢ ᠡᠷᠬᠢᠯᠡᠵᠡᠢ᠃ ᠬᠤᠷᠠᠯ ᠠᠴᠠ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ ︽ᠪᠦᠬᠦ ᠨᠠᠮ ᠤᠨ ᠳᠣᠲᠣᠷ᠎ᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠥᠷᠨᠢᠭᠦᠯᠬᠦ ᠲᠤᠬᠠᠢ ᠮᠡᠳᠡᠭᠳᠡᠯ︾ ᠪᠣᠯᠤᠨ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠤᠭᠤᠨ ᠬᠥᠬᠡ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠬᠡᠷᠡᠭᠵᠢᠭᠦᠯᠬᠦ ᠲᠥᠰᠦᠯ︾᠎ ᠢ ᠬᠢᠨᠠᠨ ᠵᠥᠪᠯᠡᠵᠦ᠂ ᠪᠥᠬᠦ ᠬᠤᠰᠢᠭᠤᠨ ᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ ᠡᠬᠢᠯᠡᠭᠦᠯᠦᠨ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠤᠭᠤᠨ ᠬᠥᠬᠡ ᠬᠤᠰᠢᠭᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ 2024 ᠣᠨ ᠤ ᠠᠵᠢᠯ ᠤᠨ ᠭᠤᠤᠯᠳᠠᠯᠭ᠎ᠠ︾ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠤᠭᠤᠨ ᠬᠥᠬᠡ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ ᠠᠵᠢᠯ ᠤᠨ ᠨᠠᠷᠢᠨ ᠲᠦᠷᠢᠮ︾᠎ ᠢ ᠬᠢᠨᠠᠨ ᠵᠦᠪᠯᠡᠭᠰᠡᠨ ᠪᠠᠶᠢᠨ᠎ᠠ᠃    ᠬᠤᠷᠠᠯ ᠠᠴᠠ᠂ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠪᠣᠯ ᠨᠠᠮ ᠤᠨ ᠦᠨᠳᠦᠰᠦᠨ ᠴᠢᠨᠠᠷᠲᠠᠢ ᠪᠠᠶᠢᠭᠤᠯᠤᠯᠲᠠ ᠪᠠᠶᠢᠵᠦ ᠨᠠᠮ ᠤᠨ ᠪᠠᠶᠢᠭᠤᠯᠤᠯᠲᠠ ᠶᠢᠨ ︽ᠦᠨᠳᠦᠰᠦ︾ ᠪᠤᠯᠤᠨ ︽ᠰᠦᠭ ᠰᠦᠨᠡᠰᠦ︾ ᠪᠤᠯᠬᠤ ᠶᠤᠮ᠃ ᠡᠯ᠎ᠡ ᠱᠠᠲᠤᠨ ᠤ ᠨᠠᠮ ᠤᠨ ᠬᠤᠷᠢᠶᠠᠨ ᠤ ᠨᠠᠮ ᠤᠨ ᠵᠣᠬᠢᠶᠠᠨ ᠪᠠᠶᠢᠭᠤᠯᠤᠯᠲᠠ ᠨᠠᠮ ᠤᠨ ᠪᠠᠶᠢᠭᠤᠯᠤᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠶᠴᠡᠳ ᠲᠠᠨᠢᠨ᠂ ᠳᠡᠭᠡᠳᠦ ᠬᠡᠮᠵᠢᠶᠡᠨ ᠤ ᠤᠯᠤᠰ ᠲᠥᠷᠥ ᠎ ᠶᠢᠨ ᠤᠬᠠᠮᠰᠠᠷ ᠪᠠ ᠪᠠᠲᠤ ᠴᠢᠩᠭ᠎ᠠ ᠬᠠᠷᠢᠭᠤᠴᠠᠯᠭ᠎ᠠ ᠡᠭᠦᠷᠭᠡᠯᠡᠯ ᠢᠶᠠᠷ ᠰᠠᠶᠢᠲᠤᠷ ᠨᠠᠶᠢᠳᠠᠪᠤᠷᠢᠵᠢᠭᠤᠯᠵᠤ᠂ ᠰᠠᠬᠢᠯᠭ᠎ᠠ ᠪᠠᠲᠤ ᠶᠢᠨ ᠤᠬᠠᠮᠰᠠᠷ ᠢᠶᠠᠨ ᠲᠠᠰᠤᠷᠠᠯᠲᠠ ᠥᠬᠡᠶ ᠴᠢᠩᠭᠠᠳᠬᠠᠨ᠂ ᠨᠠᠮᠴᠢ ᠴᠢᠨᠠᠷ ᠤᠨ ᠪᠣᠯᠪᠠᠰᠤᠷᠠᠯ ᠢᠶᠠᠨ ᠳᠡᠭᠡᠭᠰᠢᠯᠡᠭᠦᠯᠵᠦ᠂ ᠠᠵᠢᠯ ᠤᠨ ᠬᠢᠷᠢ ᠲᠦᠪᠰᠢᠨ ᠢᠶᠠᠨ ᠳᠡᠭᠡᠭᠰᠢᠯᠡᠭᠦᠯᠬᠦ ᠬᠡᠷᠡᠭᠲᠡᠶ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠦᠷ᠎ᠡ ᠪᠦᠲᠦᠮᠵᠢ ᠪᠠᠷ ᠤᠳᠤᠷᠢᠳᠤᠮᠵᠢ ᠪᠣᠯᠭᠠᠬᠤ ᠶᠢ ᠳᠣᠪᠣᠶᠢᠯᠭᠠᠵᠤ᠂ ᠰᠢᠯᠤᠭᠤᠨ ᠬᠥᠬᠡ ᠬᠤᠰᠢᠭᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠡᠷᠡ ᠬᠡᠪ ᠢᠶᠠᠷ ᠨᠢ ᠰᠤᠷᠤᠯᠴᠠᠬᠤ᠂ ᠪᠣᠳᠠᠲᠠᠶ ᠎ ᠲᠠᠢ ᠤᠶᠠᠯᠳᠤᠭᠤᠯᠤᠨ ᠰᠤᠷᠤᠯᠴᠠᠬᠤ ᠶᠢ ᠪᠠᠷᠢᠮᠲᠠᠯᠠᠵᠤ᠂ ᠲᠠᠶᠢᠯᠤᠮᠵᠢ ᠪᠣᠯᠪᠠᠰᠤᠷᠠᠯ ᠢ ᠰᠠᠶᠢᠲᠤᠷ ᠬᠢᠵᠦ᠂ ᠰᠠᠬᠢᠯᠭ᠎ᠠ ᠪᠠᠲᠤ ᠶᠢ ᠰᠤᠷᠤᠯᠴᠠᠬᠤ᠂ ᠰᠠᠬᠢᠯᠭ᠎ᠠ ᠪᠠᠲᠤ ᠶᠢ ᠣᠶᠢᠯᠠᠭᠠᠬᠤ᠂ ᠰᠠᠬᠢᠯᠭ᠎ᠠ ᠪᠠᠲᠤ ᠶᠢ ᠲᠣᠳᠣᠷᠬᠠᠶᠢᠯᠠᠬᠤ᠂ ᠰᠠᠬᠢᠯᠭ᠎ᠠ ᠪᠠᠲᠤ ᠶᠢ ᠰᠠᠬᠢᠬᠤ ᠶᠢ ᠦᠨᠡᠨ ᠬᠦ ᠪᠡᠶᠡᠯᠡᠭᠦᠯᠵᠦ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠎ ᠶᠢᠨ ᠰᠢᠳᠬᠡᠯ ᠥᠭᠬᠦ ᠲᠦᠷᠢᠮ︾᠎ ᠢ ᠰᠤᠷᠤᠯᠴᠠᠨ ᠲᠤᠭᠤᠰᠢᠯᠠᠭᠤᠯᠬᠤ ᠶᠢ ᠬᠦᠨᠵᠡᠭᠡᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠵᠠᠢ᠃ᠬᠤᠷᠠᠯ ᠠᠴᠠ᠂ ᠨᠠᠮ ᠤᠨ ᠪᠠᠶᠢᠭᠤᠯᠤᠯᠲᠠ ᠶᠢᠨ ᠠᠵᠢᠯ ᠢ ᠡᠳᠦᠷ ᠲᠤᠲᠤᠮ ᠤᠨ ᠠᠵᠢᠯ ᠲᠠᠢ ᠤᠶᠠᠯᠳᠤᠭᠤᠯᠵᠤ᠂ ︽ᠨᠠᠮ ᠤᠨ ᠠᠴᠢ ᠳᠤ ᠲᠠᠯᠠᠷᠬᠠᠬᠤ᠂ ᠨᠠᠮ ᠤᠨ ᠵᠢᠭᠠᠪᠤᠷᠢ ᠶᠢ ᠰᠣᠨᠣᠰᠬᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠶᠯᠡᠳᠦᠯᠭᠡ ᠶᠢᠨ ᠠᠵᠢᠯᠯᠠᠭ᠎ᠠ ᠲᠠᠢ ᠤᠶᠠᠯᠳᠤᠭᠤᠯᠵᠤ᠂ ᠠᠵᠢᠯ ᠤᠨ ᠭᠤᠤᠯᠳᠠᠯᠭ᠎ᠠ ᠪᠠᠨ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠲᠣᠬᠢᠷᠠᠭᠤᠯᠬᠤ ᠬᠡᠷᠡᠭᠲᠡᠶ᠃ ᠡᠯ᠎ᠡ ᠰᠠᠯᠠᠭ᠎ᠠ ᠮᠥᠴᠢᠷ ᠤᠨ ᠲᠤᠰᠢᠶᠠᠯ ᠬᠠᠷᠢᠭᠤᠴᠠᠯᠭ᠎ᠠ ᠪᠠ ᠡᠭᠦᠷᠭᠡ ᠲᠠᠢ ᠨᠢᠭᠲᠠ ᠤᠶᠠᠯᠳᠤᠭᠤᠯᠤᠨ᠂ ᠲᠣᠭᠲᠠᠮᠠᠯ ᠬᠤᠭᠤᠴᠠᠭ᠎ᠠ ᠲᠠᠢ ᠪᠠᠷ ᠲᠤᠬᠢᠷᠠᠭᠤᠯᠬᠤ ᠵᠡᠷᠭᠡ ᠠᠵᠢᠯ ᠢ ᠰᠠᠶᠢᠲᠤᠷ ᠬᠢᠵᠦ᠂ ᠨᠠᠮ ᠤᠨ ᠪᠠᠶᠢᠭᠤᠯᠤᠯᠲᠠ ᠶᠢ ᠠᠵᠤ ᠠᠬᠤᠢ ᠨᠡᠶᠢᠭᠡᠮ ᠤᠨ ᠬᠥᠭᠵᠢᠯᠲᠡ ᠯᠦᠭᠡ ᠬᠠᠮᠲᠤ ᠪᠠᠷ ᠲᠥᠯᠥᠪᠵᠢᠭᠦᠯᠵᠦ᠂ ᠵᠡᠷᠭᠡ ᠪᠠᠷ ᠪᠠᠶᠢᠷᠢᠯᠠᠭᠤᠯᠤᠨ᠂ ᠵᠡᠷᠭᠡ ᠪᠠᠷ ᠠᠬᠢᠭᠤᠯᠵᠤ᠂ ᠵᠡᠷᠭᠡ ᠪᠠᠷ ᠨᠠᠶᠢᠳᠠᠪᠤᠷᠢᠵᠢᠭᠤᠯᠵᠤ᠂ ᠨᠠᠮ ᠤᠨ ᠤᠳᠤᠷᠢᠳᠤᠯᠭ᠎ᠠ ᠳᠣᠣᠷ᠎ᠠ ᠡᠯ᠎ᠡ ᠵᠦᠢᠯ ᠤᠨ ᠠᠵᠢᠯ ᠢᠶᠠᠨ ᠡᠮᠬᠢ ᠵᠢᠷᠤᠮ ᠲᠠᠢ ᠯᠠᠪᠳᠠᠭᠤᠨ ᠢᠶᠠᠷ ᠥᠷᠨᠢᠭᠦᠯᠬᠦ ᠬᠡᠷᠡᠭᠲᠡᠢ᠃ ᠨᠠᠮ ᠤᠨ ᠤᠯᠤᠰ ᠲᠦᠷᠦ ᠶᠢᠨ ᠢᠳᠡᠭᠡᠯ ᠪᠢᠰᠢᠷᠡᠯ ᠪᠤᠯᠤᠨ ᠤᠯᠤᠰ ᠲᠦᠷᠦ ᠶᠢᠨ ᠵᠤᠷᠢᠯᠳᠠ ᠶᠢ ᠰᠠᠨᠠᠭᠠᠴᠢᠯᠠᠭ᠎ᠠ ᠲᠠᠢ ᠪᠤᠶᠤ ᠰᠠᠨᠠᠭᠠᠴᠢᠯᠠᠭᠠᠳᠤ ᠪᠤᠰᠤ ᠪᠠᠶᠢᠳᠠᠯ ᠢᠶᠠᠷ ᠲᠦᠭᠦᠮᠴᠢᠯᠡᠬᠦ ᠵᠡᠷᠭᠡ ᠠᠰᠠᠭᠤᠳᠠᠯ ᠤᠨ ᠮᠥᠨ ᠴᠢᠨᠠᠷ ᠢ ᠭᠦᠨᠵᠡᠭᠡᠢ ᠣᠶᠢᠯᠠᠭᠠᠵᠤ᠂ ᠲᠤᠰ ᠪᠡᠶ᠎ᠡ ᠶᠢᠨ ᠤᠯᠤᠰ ᠲᠦᠷᠦ ᠶᠢᠨ ᠬᠡᠪ ᠪᠣᠯᠪᠠᠰᠤᠷᠠᠯ ᠢᠶᠠᠨ ᠳᠡᠭᠡᠭᠰᠢᠯᠡᠭᠦᠯᠦᠨ᠂ ᠤᠯᠤᠰ ᠲᠦᠷᠦ ᠶᠢᠨ ᠤᠬᠠᠮᠰᠠᠷ ᠢᠶᠠᠨ ᠴᠢᠩᠭᠠᠳᠬᠠᠵᠤ᠂ ᠪᠣᠳᠠᠲᠤ ᠠᠵᠢᠯᠯᠠᠭ᠎ᠠ ᠪᠠᠷ ᠢᠶᠠᠨ ᠨᠠᠮ ᠎ ᠤᠨ ᠲᠦᠷᠢ ᠲᠥᠷᠬᠦ ᠶᠢ ᠰᠠᠶᠢᠲᠤᠷ ᠬᠠᠮᠠᠭᠠᠯᠠᠬᠤ ᠬᠡᠷᠡᠭᠲᠡᠢ ᠭᠡᠵᠦ ᠱᠠᠭᠠᠷᠳᠠᠭᠰᠠᠨ ᠪᠠᠶᠢᠨ᠎ᠠ᠃     ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠣᠯᠣᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠎ ᠤᠨ ᠰᠢᠯᠤᠭᠤᠨ ᠬᠦᠬᠡ ᠬᠤᠰᠢᠭᠤᠨ ᠤ ᠲᠣᠭᠤᠷᠢᠨ ᠪᠠᠶᠢᠴᠠᠭᠠᠬᠤ ᠲᠤᠰᠬᠠᠢ ᠲᠤᠰᠢᠶᠠᠯᠲᠠᠨ ᠸᠠᠩ ᠰᠢ ᠵᠢᠶᠠᠩ ᠬᠤᠷᠠᠯ ᠎ ᠳᠤ ᠰᠤᠯᠠ  ᠤᠷᠤᠯᠴᠠᠵᠤ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠬᠦᠨ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠤᠯ ᠤᠳᠤᠷᠢᠳᠤᠯᠭ᠎ᠠ᠂ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ᠂ ᠰᠢᠭᠦᠬᠦ ᠬᠤᠷᠢᠶᠠᠨ ᠤ ᠳᠠᠷᠤᠭ᠎ᠠ᠂ ᠡᠯ᠎ᠡ ᠰᠤᠮᠤ ᠪᠠᠯᠭᠠᠰᠤ ᠲᠠᠯᠠᠪᠠᠶ ᠶᠢᠨ ᠨᠠᠮ ᠤᠨ ᠬᠤᠷᠢᠶᠠᠨ ᠤ ᠱᠦᠵᠢ᠂ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠬᠦᠨ ᠨᠢᠭᠡᠴᠡ ᠶᠢᠨ ᠭᠤᠤᠯ ᠬᠠᠷᠢᠭᠤᠴᠠᠯᠭᠠᠲᠠᠨ ᠬᠤᠷᠠᠯ ᠳᠤ ᠤᠷᠤᠯᠴᠠᠵᠠᠢ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号