ᠰᠢᠯᠤᠭᠤᠨ ᠬᠥᠬᠡ ᠬᠤᠰᠢᠭᠤ ᠪᠥᠬᠦ ᠬᠤᠰᠢᠭᠤᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠵᠤ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠎ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠣᠭ ᠰᠠᠨᠠᠭ᠎ᠠ ᠪᠠᠨ ᠪᠠᠳᠤᠳᠬᠠᠵᠤ᠂ ᠤᠯᠠᠮᠵᠢᠯᠠᠯ ᠢᠶᠠᠨ ᠵᠠᠯᠭᠠᠮᠵᠢᠯᠠᠬᠤ ᠭᠤᠤᠯ ᠰᠡᠳᠦᠪᠲᠦ ᠶᠠᠷᠢᠶ᠎ᠠ ᠢᠯᠡᠳᠬᠡᠯ ᠤᠨ  ᠤᠷᠤᠯᠳᠤᠭᠠᠨ ᠡᠷᠬᠢᠯᠡᠯ᠎ᠡ
ᠨᠡᠶᠢᠲᠡᠯᠡᠭᠰᠡᠨ ᠴᠠᠭ᠄
2024/4/22
    ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠵᠦ᠂ ︽ᠨᠠᠮ ᠤᠨ ᠠᠴᠢ ᠳᠤ ᠲᠠᠯᠠᠷᠬᠠᠵᠤ ᠨᠠᠮ ᠤᠨ ᠵᠢᠭᠠᠪᠤᠷᠢ ᠶᠢ ᠰᠤᠨᠤᠰᠤᠨ ᠨᠠᠮ ᠢᠶᠠᠨ ᠳᠠᠭᠠᠬᠤ︾ ᠣᠯᠠᠨ ᠲᠦᠮᠡᠨᠴᠢ ᠬᠥᠮᠦᠵᠢᠯ ᠦᠶᠯᠡᠳᠦᠯᠭᠡ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠬᠤᠪᠢᠰᠬᠠᠯ ᠤᠨ ᠰᠣᠶᠣᠯ ᠢ ᠥᠷᠭᠡᠨ ᠢᠶᠠᠷ ᠪᠠᠳᠠᠷᠠᠭᠤᠯᠤᠨ᠂ ᠤᠯᠤᠰ ᠢᠶᠠᠨ ᠬᠠᠶᠢᠷᠠᠯᠠᠬᠤ ᠰᠡᠳᠬᠢᠯᠭᠡ ᠶᠢ ᠵᠤᠵᠠᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ᠂ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠶ ᠥᠷᠨᠢᠭᠦᠯᠬᠦ ᠶᠢ ᠠᠬᠢᠭᠤᠯᠬᠤ ᠶᠢᠨ ᠲᠤᠰᠠᠳᠠ 4 ᠰᠠᠷ᠎ᠠ ᠶᠢᠨ 16᠎ ᠤ ᠡᠳᠦᠷ ᠰᠢᠯᠤᠭᠤᠨ ᠬᠥᠬᠡ ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠬᠤᠰᠢᠭᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠠᠴᠠ ᠪᠥᠬᠦ ᠬᠤᠰᠢᠭᠤᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠵᠤ ︽ᠵᠢᠱᠢᠶᠡᠴᠢ ᠥᠪᠡᠷᠲᠡᠭᠡᠨ ᠵᠠᠰᠠᠬᠤ ᠣᠷᠣᠨ︾᠎ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ︽ᠣᠭ ᠰᠠᠨᠠᠭ᠎ᠠ ᠪᠠᠨ ᠪᠠᠲᠤᠳᠬᠠᠵᠤ᠂  ᠤᠯᠠᠮᠵᠢᠯᠠᠯ ᠢᠶᠠᠨ ᠵᠠᠯᠭᠠᠮᠵᠢᠯᠠᠬᠤ︾ ᠭᠤᠤᠯ ᠰᠡᠳᠦᠪᠲᠦ ᠶᠠᠷᠢᠶ᠎ᠠ ᠢᠯᠡᠳᠬᠡᠯ ᠤᠨ ᠤᠷᠤᠯᠳᠤᠭᠠᠨ ᠤ ᠰᠢᠶᠳᠪᠦᠷᠢᠲᠦ ᠤᠷᠤᠯᠳᠤᠭᠠᠨ ᠢ ᠡᠷᠬᠢᠯᠡᠨ ᠶᠠᠪᠤᠭᠳᠠᠭᠤᠯᠤᠯ᠎ᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢ ᠬᠠᠨ ᠹᠧᠨ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤ ᠨᠠᠮ ᠤᠨ ᠬᠤᠷᠢᠶᠠᠨ ᠤ ᠠᠯᠪᠠᠨ ᠬᠡᠷ ᠤᠨ ᠡᠷᠬᠢᠯᠡᠭᠴᠢ ᠶᠠᠨ ᠷᠦᠢ ᠴᠢ ᠠᠵᠢᠯᠯᠠᠭ᠎ᠠ ᠳᠤ ᠣᠷᠣᠯᠴᠠᠵᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠎ ᠤᠨ ᠬᠡᠯᠲᠡᠰ ᠤᠨ ᠳᠠᠷᠤᠭ᠎ᠠ ᠡᠷᠬᠢᠮ ᠡᠬᠢᠯᠡᠯᠳᠡ ᠶᠢᠨ ᠶᠠᠷᠢᠶ᠎ᠠ ᠳᠠᠯᠪᠢᠭᠰᠠᠨ ᠪᠠᠶᠢᠨ᠎ᠠ᠃     ᠠᠬᠤᠢ ᠲᠠᠯᠠᠪᠠᠶ ᠳᠤ᠂ 11 ᠤᠷᠤᠯᠴᠠᠭᠴᠢ ᠠᠴᠠ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠎ ᠶᠢᠨ ᠤᠬᠠᠮᠰᠠᠷ ᠢ ᠪᠠᠲᠤ ᠪᠣᠶ ᠪᠣᠯᠭᠠᠬᠤ︾ ᠭᠤᠤᠯ ᠰᠡᠳᠦᠪ ᠤᠨ ᠲᠣᠭᠤᠷᠢᠨ ᠳᠤ᠂ ᠨᠡᠶᠢᠲᠡᠯᠢᠭ ᠵᠢᠱᠢᠶ᠎ᠡ ᠪᠠ ᠴᠠᠭ ᠦᠶ᠎ᠡ ᠶᠢᠨ ᠥᠯᠢᠭᠡᠷ ᠳᠠᠭᠤᠷᠢᠶᠠᠯ ᠢᠶᠠᠷ ᠵᠢᠱᠢᠶᠡᠯᠡᠨ᠂ ᠨᠠᠮ ᠤᠨ ᠬᠡᠷᠡᠯ ᠰᠠᠴᠤᠷᠠᠩᠭᠤᠶ ᠭᠠᠪᠢᠶ᠎ᠠ ᠵᠢᠳᠬᠦᠯ ᠪᠠ ᠦᠨᠳᠦᠰᠦᠲᠡᠨ ᠤ ᠪᠠᠭᠠᠲᠤᠷᠴᠤᠳ ᠤᠨ ᠰᠡᠳᠬᠢᠯ ᠬᠥᠳᠡᠯᠭᠡᠮ᠎ᠡ ᠦᠶᠯᠡ ᠠᠵᠢᠯᠯᠠᠭ᠎ᠠ ᠶᠢ ᠲᠤᠭᠠᠴᠢᠵᠦ᠂ ᠰᠢᠨ᠎ᠡ ᠴᠠᠭ ᠦᠶ᠎ᠡ ᠶᠢᠨ ᠦᠨᠳᠦᠰᠦᠲᠡᠨ ᠨᠦᠭᠦᠳ ᠤᠨ ᠺᠠᠳ᠋ᠷ ᠠᠵᠢᠯᠳᠠᠨ ᠤ ᠴᠤᠭ ᠵᠢᠪᠬᠤᠭ᠎ᠠ ᠶᠢ ᠬᠦᠢᠴᠡᠳ ᠢᠯᠡᠷᠡᠭᠦᠯᠦᠭᠰᠡᠨ ᠪᠠᠶᠢᠨ᠎ᠠ᠃     ᠤᠷᠤᠯᠳᠤᠭᠠᠨ ᠤ ᠳᠤᠮᠳᠠ᠂ ᠰᠢᠯᠤᠭᠤᠨ ᠬᠥᠬᠡ ᠬᠤᠰᠢᠭᠤᠨ ᠤ ᠬᠤᠶᠠᠳᠤᠭᠠᠷ ᠪᠠᠭ᠎ᠠ ᠰᠤᠷᠭᠠᠭᠤᠯᠢ ᠶᠢᠨ ᠰᠤᠷᠤᠭᠴᠢᠳ ᠪᠣᠯᠤᠨ ᠨᠡᠶᠢᠭᠡᠮ ᠲᠣᠭᠤᠷᠢᠭ ᠤᠨ ᠨᠠᠰᠤᠲᠠᠶᠢᠴᠤᠳ ᠤᠨ ᠤᠷᠠᠯᠢᠭ ᠤᠨ ᠪᠦᠯᠬᠦᠮ ᠠᠴᠠ ᠦᠵᠡᠭᠴᠢᠳ ᠎ ᠲᠤ ᠲᠣᠭᠯᠠᠯᠲᠠ ᠪᠠᠨ ᠰᠤᠨᠢᠷᠬᠠᠭᠤᠯᠵᠠᠢ᠃ ᠲᠣᠰ ᠤᠳᠠᠭᠠᠨ ᠤ ᠤᠷᠤᠯᠳᠤᠭᠠᠨ ᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠡᠦᠬᠡ ᠪᠠ ᠰᠢᠯᠤᠭᠤᠨ ᠬᠥᠬᠡ ᠬᠤᠰᠢᠭᠤᠨ ᠤ ᠬᠤᠪᠢᠰᠬᠠᠯ ᠤᠨ ᠥᠯᠢᠭᠡᠷ ᠢ ᠰᠠᠶᠢᠲᠤᠷ ᠶᠠᠷᠢᠵᠤ᠂ ᠬᠤᠪᠢᠰᠬᠠᠯ ᠤᠨ ᠰᠣᠶᠣᠯ ᠢ ᠥᠷᠭᠡᠨ ᠢᠶᠠᠷ ᠪᠠᠳᠠᠷᠠᠭᠤᠯᠤᠨ᠂ ᠡᠬᠡ ᠣᠷᠣᠨᠴᠢ ᠦᠵᠡᠯ ᠤᠨ ᠬᠠᠶᠢᠷ᠎ᠠ ᠰᠡᠳᠬᠢᠯᠭᠡ ᠶᠢ ᠵᠤᠵᠠᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠲᠣᠭᠤᠷᠢᠨ ᠳᠤ ᠴᠠᠬᠠᠷ ᠠᠶᠢᠮᠠᠭ ᠤᠨ ᠠᠩᠬᠠᠳᠠᠭᠴᠢ ᠨᠠᠮ ᠤᠨ ᠡᠭᠦᠷ ᠤᠨ ᠬᠤᠪᠢᠰᠬᠠᠯ ᠤᠨ ᠥᠯᠢᠭᠡᠷ ᠢ ᠳᠣᠪᠣᠶᠢᠯᠭᠠᠨ ᠬᠤᠪᠢᠰᠬᠠᠯ ᠤᠨ ᠰᠣᠩᠭᠤᠳᠠᠭ ᠪᠦᠲᠦᠭᠡᠯ ᠢᠶᠠᠷ ᠭᠤᠤᠯᠳᠠᠯᠭ᠎ᠠ ᠪᠣᠯᠭᠠᠵᠤ᠂ ᠬᠤᠪᠢᠰᠬᠠᠯ ᠤᠨ ᠲᠡᠦᠬᠡ᠂ ᠬᠥᠮᠦᠨ᠂ ᠬᠡᠷᠡᠭ ᠶᠠᠪᠤᠳᠠᠯ ᠢ ᠡᠷᠭᠢᠴᠡᠭᠦᠯᠵᠦ᠂ ᠨᠠᠮ ᠤᠨ ᠵᠠᠭᠤᠨ ᠵᠢᠯ ᠤᠨ ᠬᠡᠷᠡᠯ ᠰᠠᠴᠤᠷᠠᠩᠭᠤᠶ ᠲᠡᠦᠬᠡᠨ ᠶᠠᠪᠤᠴᠠ ᠶᠢ ᠮᠠᠭᠲᠠᠨ ᠳᠠᠭᠤᠯᠠᠵᠤ᠂ ᠬᠤᠪᠢᠰᠬᠠᠯ ᠤᠨ ᠤᠳᠤᠮᠰᠢᠯ ᠢ ᠤᠯᠠᠮᠵᠢᠯᠠᠨ ᠵᠠᠯᠭᠠᠮᠵᠢᠯᠠᠬᠤ ᠵᠤᠷᠢᠯᠳᠠ ᠪᠠᠷ ᠶᠠᠪᠤᠭᠳᠠᠭᠤᠯᠤᠭᠰᠠᠨ ᠶᠤᠮ᠃      ᠬᠢᠨᠠᠭᠴᠢᠳ ᠠᠴᠠ ᠶᠠᠷᠢᠶ᠎ᠠ ᠢᠯᠡᠳᠭᠡᠯ ᠤᠨ ᠠᠭᠤᠯᠭ᠎ᠠ᠂ ᠢᠯᠡᠳᠭᠡᠭᠦ ᠠᠷᠭ᠎ᠠ ᠮᠠᠶ᠋ᠢᠭ᠂ ᠳᠦᠷᠢ ᠲᠥᠷᠬᠦ ᠬᠡᠪ ᠨᠠᠮᠪᠠ᠂ ᠲᠤᠬᠠᠶ ᠶᠢᠨ ᠲᠠᠯᠠᠪᠤᠷ ᠤᠨ ᠦᠷ᠎ᠡ ᠪᠦᠲᠦᠮᠵᠢ ᠵᠡᠷᠭᠡ ᠶᠢ ᠦᠨᠳᠦᠰᠦᠯᠡᠨ ᠰᠢᠯᠭᠠᠷᠠᠭᠤᠯᠤᠭᠰᠠᠨ ᠤ ᠳ᠋ᠦᠩ ᠳᠤ ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠤᠪᠴᠢᠶᠠᠨ ᠤ ᠰᠢᠯᠤᠭᠤᠨ ᠬᠥᠬᠡ ᠬᠤᠰᠢᠭᠤᠨ ᠤ ᠭᠠᠶᠢᠯᠢ ᠎ ᠶᠢᠨ ᠶᠠᠪᠤᠳᠠᠯ ᠤᠨ ᠲᠤᠪᠴᠢᠶᠠᠨ ᠤ ᠠᠵᠢᠯᠳᠠᠨ ᠴᠧᠨ ᠵᠢᠶᠠ ᠯᠢ ᠨᠢᠭᠡᠳᠦᠭᠡᠷ ᠲᠤ ᠳᠤᠳᠤᠷᠠᠵᠤ᠂ ᠬᠤᠰᠢᠭᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠯᠢ ᠵᠣᠣ ᠷᠠᠨ ᠪᠣᠯᠤᠨ ᠬᠤᠰᠢᠭᠤ ᠬᠤᠶᠠᠳᠤᠭᠠᠷ ᠪᠠᠭ᠎ᠠ ᠰᠤᠷᠭᠠᠭᠤᠯᠢ ᠶᠢᠨ ᠽᠦᠸᠧ ᠶᠢ ᠹᠸᠢ ᠬᠤᠶᠠᠳᠤᠭᠠᠷ ᠲᠤ ᠲᠤᠳᠤᠷᠠᠨ᠂ ᠬᠤᠰᠢᠭᠤ ᠠᠷᠠᠳ ᠤᠨ ᠶᠠᠪᠤᠳᠠᠯ ᠤᠨ ᠲᠤᠪᠴᠢᠶᠠᠨ ᠤ ᠵᠠᠩ ᠰᠢᠨ᠂ ᠤᠯᠤᠰ ᠲᠥᠷᠥ ᠶᠢᠨ ᠵᠥᠪᠯᠡᠯᠭᠡᠨ ᠤ ᠬᠦᠬᠡᠮᠦ᠋ᠷᠡᠨ᠂ ᠠᠶᠢᠮᠠᠭ ᠤᠨ ᠰᠣᠶᠣᠯ ᠤᠨ ᠥᠪ ᠎ ᠤᠨ ᠬᠠᠮᠠᠭᠠᠯᠠᠯᠲᠠ ᠶᠢᠨ ᠰᠤᠳᠤᠯᠭᠠᠨ ᠤ ᠲᠥᠪ ᠤᠨ ᠯᠢᠦ ᠬᠠᠶ ᠰᠢᠤᠢ ᠲᠣᠰ ᠲᠤᠰ ᠭᠤᠷᠪᠠᠳᠤᠭᠠᠷ ᠲᠤ ᠳᠤᠳᠤᠷᠠᠵᠤ ᠎ ᠤ᠂ ᠪᠤᠰᠤᠳ ᠤᠷᠤᠯᠴᠠᠭᠴᠢ ᠰᠢᠯᠢᠳᠡᠭ ᠱᠠᠩᠨᠠᠯ ᠬᠦᠷᠳᠡᠭᠰᠡᠨ ᠪᠠᠶᠢᠨ᠎ᠠ᠃     ᠲᠣᠰ ᠤᠳᠠᠭᠠᠨ ᠤ ᠶᠠᠷᠢᠶ᠎ᠠ ᠢᠯᠡᠳᠬᠡᠯ ᠤᠨ ᠤᠷᠤᠯᠳᠤᠭᠠᠨ ᠢᠶᠠᠷ ᠳᠠᠮᠵᠢᠭᠤᠯᠤᠨ᠂ ᠦᠨᠳᠦᠰᠦᠲᠡᠨ ᠨᠦᠭᠦᠳ ᠤᠨ ᠺᠠᠳ᠋ᠷ ᠠᠵᠢᠯᠲᠠᠨ ᠤ ᠤᠯᠤᠰ ᠢᠶᠠᠨ ᠬᠠᠶᠢᠷᠠᠯᠠᠬᠤ ᠬᠠᠯᠠᠭᠤᠨ ᠰᠡᠳᠬᠢᠯᠭᠡ ᠶᠢ ᠤᠯᠠᠮ ᠨᠢᠭᠡ ᠠᠯᠬᠤᠮ ᠬᠥᠭᠵᠢᠭᠡᠵᠦ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ︽ᠵᠢᠷᠭᠠᠯ ᠵᠣᠪᠠᠯᠠᠩ ᠢᠶᠠᠨ ᠬᠠᠮᠲᠤᠳᠬᠠᠬᠤ᠂ ᠬᠤᠪᠢ ᠵᠠᠶᠠᠭ᠎ᠠ ᠎ ᠪᠠᠨ ᠬᠠᠮᠲᠤᠳᠬᠠᠬᠤ︾ ᠠᠮᠢᠳᠤᠯᠢᠭ ᠥᠯᠢᠭᠡᠷ ᠢ ᠰᠠᠶᠢᠲᠤᠷ ᠶᠠᠷᠢᠬᠤ ᠪᠠᠷ ᠳᠠᠮᠵᠢᠭᠤᠯᠤᠨ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ︾ ᠭᠤᠤᠯ ᠬᠥᠭ ᠠᠶᠠᠰ ᠢ ᠴᠤᠤᠷᠢᠶᠠᠳᠤᠨ᠂ ᠰᠢᠨ᠎ᠡ ᠴᠠᠭ ᠦᠶ᠎ᠡ ᠶᠢᠨ ᠠᠶᠠᠨ ᠵᠠᠮ ᠳᠤ ᠰᠢᠯᠤᠭᠤᠨ ᠬᠥᠬᠡ ᠬᠤᠰᠢᠭᠤᠨ ᠤ ᠰᠢᠨ᠎ᠡ ᠴᠠᠭ ᠦᠶ᠎ᠡ ᠎ ᠶᠢᠨ ᠬᠡᠷᠡᠯ ᠰᠠᠴᠤᠷᠠᠩᠭᠤᠶ ᠬᠠᠭᠤᠳᠠᠰᠤ ᠶᠢ ᠴᠢᠷᠮᠠᠶᠢᠨ  ᠪᠢᠴᠢᠭᠯᠡᠭᠰᠡᠨ ᠪᠠᠶᠢᠨ᠎ᠠ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号