ᠰᠢᠯᠤᠭᠤᠨ ᠬᠥᠬᠡ ᠬᠤᠰᠢᠭᠤ ᠭᠤᠤᠯᠳᠠᠯᠭ᠎ᠠ ᠲᠠᠢ ᠲᠥᠷᠥᠯ ᠵᠦᠶᠯ ᠤᠨ ᠦᠢᠯᠡᠳᠪᠦᠷᠢᠯᠡᠯ ᠡᠬᠢᠯᠡᠬᠦ ᠪᠡᠯᠡᠳᠬᠡᠯ ᠠᠵᠢᠯ ᠢ ᠰᠠᠶᠢᠲᠤᠷ ᠬᠢᠵᠦ ᠪᠠᠶᠢᠨ᠎ᠠ
ᠨᠡᠶᠢᠲᠡᠯᠡᠭᠰᠡᠨ ᠴᠠᠭ᠄
2024/4/22
    ᠤᠶᠢᠷ᠎ᠠ ᠳᠤ᠂ ᠰᠢᠯᠤᠭᠤᠨ ᠬᠥᠬᠡ ᠬᠤᠰᠢᠭᠤ ᠬᠡᠰᠡᠭ ᠭᠤᠤᠯᠳᠠᠯᠭ᠎ᠠ ᠲᠠᠢ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠦᠢᠯᠡᠳᠪᠦᠷᠢᠯᠡᠯ ᠢᠶᠠᠨ ᠡᠬᠢᠯᠡᠬᠦᠯᠬᠦ ᠪᠡᠯᠡᠳᠭᠡᠯ ᠠᠵᠢᠯ ᠢ ᠰᠠᠶᠢᠳᠤᠷ ᠬᠢᠵᠦ ᠪᠤᠢ᠃    ᠰᠢᠯᠢ ᠶᠢᠨ ᠭᠤᠣᠯ ᠠᠶᠢᠮᠠᠭ ᠤᠨ ᠰᠢᠯᠤᠭᠤᠨ ᠬᠦᠬᠡ ᠬᠤᠰᠢᠭᠤᠨ ᠤ ᠭᠤᠷᠪᠠᠳᠤᠭᠠᠷ ᠪᠠᠭ᠎ᠠ ᠰᠤᠷᠭᠠᠭᠤᠯᠢ ᠶᠢᠨ ᠶᠡᠷᠦᠩᠬᠡᠶᠢᠯᠡᠭᠰᠡᠨ ᠠᠰᠠᠷ᠂ ᠶᠤᠸᠠᠨ ᠤ ᠳᠡᠭᠡᠳᠦ ᠨᠡᠶᠢᠰᠯᠡᠯ ᠤᠨ ᠮᠠ ᠶᠤᠸᠠᠨ ᠰᠠᠶᠢᠨ ᠡᠭᠦᠯᠳᠡᠷ ᠤᠨ ᠠᠳᠤᠭᠤ ᠦᠷᠡᠵᠢᠭᠦᠯᠦᠨ ᠪᠣᠶᠢᠵᠢᠭᠤᠯᠬᠤ ᠰᠠᠭᠤᠷᠢᠨ ᠵᠡᠷᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ ᠡᠷᠭᠦᠭᠦᠷ ᠮᠠᠰᠢᠨ ᠬᠦᠷᠴᠢᠬᠢᠨᠡᠵᠦ᠂ ᠠᠵᠢᠯᠴᠢᠳ ᠠᠵᠢᠯ ᠤᠨ ᠪᠠᠶᠢᠷᠢᠨ ᠳᠠᠭᠠᠨ ᠶᠠᠭᠠᠷᠠᠯᠳᠤᠵᠠᠭᠠᠨ᠎ᠠ᠃ ᠰᠢᠯᠢ ᠶᠢᠨ ᠭᠤᠤᠯ ᠠᠶᠢᠮᠠᠭ ᠤᠨ ᠰᠢᠯᠤᠭᠤᠨ ᠬᠥᠬᠡ ᠬᠤᠰᠢᠭᠤᠨ ᠤ ᠭᠤᠷᠪᠠᠳᠤᠭᠠᠷ ᠪᠠᠭ᠎ᠠ ᠰᠤᠷᠭᠠᠭᠤᠯᠢ ᠶᠢᠨ ᠶᠡᠷᠦᠩᠬᠡᠶᠢᠯᠡᠭᠰᠡᠨ ᠠᠰᠠᠷ ᠤᠨ ᠲᠥᠷᠥᠯ ᠵᠦᠶᠯ ᠨᠢ 1138.5 ᠳᠡᠭᠰᠢ ᠲᠦᠷᠪᠡᠯᠵᠢᠨ ᠮᠧᠲᠷ ᠳᠠᠯᠠᠪᠠᠢ ᠡᠵᠡᠯᠡᠵᠦ᠂ ᠪᠠᠷᠢᠯᠭ᠎ᠠ ᠶᠢᠨ ᠲᠠᠯᠠᠪᠠᠶ ᠨᠢ 5053.71 ᠳᠡᠭᠰᠢ ᠲᠦᠷᠪᠡᠯᠵᠢᠨ ᠮᠧᠲᠷ ᠳᠠᠯᠠᠪᠠᠢ ᠲᠠᠢ᠃ ᠶᠡᠷᠦᠩᠭᠡᠢ ᠪᠡᠯᠡ ᠤᠷᠤᠭᠤᠯᠤᠯᠳᠠ ᠨᠢ  2019.64 ᠲᠦᠮᠡᠨ ᠲᠥᠭᠦᠷᠢᠭ ᠪᠠᠶᠢᠵᠦ᠂ ᠨᠡᠶᠢᠳᠡ 4 ᠳᠠᠪᠬᠤᠷᠭ᠎ᠠ ᠲᠠᠢ᠃ ᠲᠣᠰ ᠲᠥᠷᠥᠯ ᠵᠦᠶᠯ ᠨᠢᠭᠡᠨᠲᠡ ᠪᠠᠷᠢᠯᠭ᠎ᠠ ᠡᠬᠢᠯᠡᠵᠦ᠂ 2024 ᠣᠨ ᠤ 11 ᠰᠠᠷ᠎ᠠ ᠶᠢᠨ ᠰᠡᠭᠦᠯᠴᠢ ᠠᠴᠠ ᠡᠮᠦᠨ᠎ᠡ ᠪᠠᠷᠢᠵᠦ ᠳᠠᠭᠤᠰᠬᠠᠬᠤ ᠪᠠᠷ ᠲᠥᠯᠥᠪᠯᠡᠵᠦ ᠪᠣᠶ᠃     ᠰᠢᠯᠤᠭᠤᠨ ᠬᠥᠬᠡ ᠬᠤᠰᠢᠭᠤᠨ ᠤ ᠭᠤᠷᠪᠠᠳᠤᠭᠠᠷ ᠪᠠᠭ᠎ᠠ ᠰᠤᠷᠭᠠᠭᠤᠯᠢ ᠶᠢᠨ ᠶᠡᠷᠦᠩᠬᠡᠶᠢᠯᠡᠭᠰᠡᠨ ᠠᠰᠠᠷ ᠤᠨ ᠲᠥᠷᠥᠯ ᠵᠦᠶᠯ ᠤᠨ ᠬᠠᠷᠢᠭᠤᠴᠠᠯᠭᠠᠳᠠᠨ ᠯᠢᠦ ᠪᠢᠨ ᠬᠡᠯᠡᠬᠦ ᠳᠡᠭᠡᠨ᠄ ᠮᠠᠨ ᠤ ᠪᠠᠶᠢᠭᠤᠯᠵᠤ ᠪᠠᠶᠢᠭ᠎ᠠ ᠲᠥᠷᠥᠯ ᠵᠦᠶᠯ ᠪᠣᠯ ᠰᠢᠯᠢ ᠶᠢᠨ ᠭᠤᠤᠯ ᠠᠶᠢᠮᠠᠭ ᠤᠨ ᠰᠢᠯᠤᠭᠤᠨ ᠬᠥᠬᠡ ᠬᠤᠰᠢᠭᠤᠨ ᠤ ᠭᠤᠷᠪᠠᠳᠤᠭᠠᠷ ᠪᠠᠭ᠎ᠠ ᠰᠤᠷᠭᠠᠭᠤᠯᠢ ᠶᠢᠨ ᠶᠡᠷᠦᠩᠬᠡᠶᠢᠯᠡᠭᠰᠡᠨ ᠠᠰᠠᠷ ᠪᠣᠯᠤᠨ᠎ᠠ᠂ ᠲᠣᠰ ᠲᠥᠷᠥᠯ ᠵᠦᠶᠯ ᠢ 2023 ᠣᠨ ᠤ 10 ᠰᠠᠷ᠎ᠠ ᠶᠢᠨ 10᠎ ᠤ ᠡᠳᠦᠷ ᠡᠬᠢᠯᠡᠭᠦᠯᠵᠦ᠂ ᠲᠤᠬᠠᠢ ᠶᠢᠨ ᠵᠢᠯ ᠰᠠᠭᠤᠷᠢ ᠪᠥᠲᠥᠭᠡᠨ ᠪᠠᠶᠢᠭᠤᠯᠤᠯᠲᠠ ᠶᠢᠨ ᠬᠡᠰᠡᠭ ᠢ ᠪᠡᠶᠡᠯᠡᠭᠦᠯᠪᠡ᠃ ᠡᠨᠡᠬᠦ ᠲᠥᠷᠥᠯ ᠵᠦᠶᠯ ᠨᠢ ᠦᠨᠦᠳᠦᠷ ᠠᠴᠠ ᠠᠵᠢᠯ ᠢᠶᠠᠨ ᠰᠡᠷᠭᠦᠭᠡᠵᠦ᠂ ᠣᠳᠣᠬᠠᠨ ᠳᠤ ᠪᠠᠷᠢᠯᠭ᠎ᠠ ᠶᠢᠨ ᠳᠠᠯᠠᠪᠠᠢ ᠪᠠ ᠲᠤᠬᠠᠶ ᠶᠢᠨ ᠲᠠᠯᠠᠪᠠᠶ ᠶᠢᠨ ᠠᠮᠤᠷ ᠲᠦᠪᠰᠢᠨ ᠤ ᠵᠠᠮ ᠢ ᠴᠡᠪᠡᠷᠯᠡᠬᠦ ᠵᠡᠷᠭᠡ ᠠᠵᠢᠯ ᠢ ᠬᠢᠵᠦ ᠪᠤᠢ ᠭᠡᠯ᠎ᠡ᠃     ᠶᠤᠸᠠᠨ ᠤ ᠳᠡᠭᠡᠳᠦ ᠨᠡᠶᠢᠰᠯᠡᠯ ᠮᠠ ᠶᠤᠸᠠᠨ ᠰᠠᠶᠢᠨ ᠡᠭᠦᠯᠳᠡᠷ ᠤᠨ ᠠᠳᠤᠭᠤ ᠦᠷᠡᠵᠢᠭᠦᠯᠦᠨ ᠪᠣᠶᠢᠵᠢᠭᠤᠯᠬᠤ ᠰᠠᠭᠤᠷᠢᠨ ᠭᠠᠵᠠᠷ ᠤᠨ ᠲᠥᠷᠥᠯ ᠵᠦᠶᠯ ᠤᠨ ᠶᠡᠷᠦᠩᠬᠡᠶ ᠪᠠᠯᠠ ᠣᠷᠣᠭᠤᠯᠤᠯᠲᠠ ᠨᠢ 8000 ᠲᠦᠮᠡᠨ ᠲᠥᠭᠦᠷᠢᠭ ᠣᠷᠴᠢᠮ ᠪᠠᠶᠢᠵᠤ᠂ ᠲᠥᠷᠥᠯ ᠵᠦᠶᠯ ᠤᠨ ᠲᠠᠯᠠᠪᠠᠶ ᠨᠢ 20 ᠲᠦᠮᠡᠨ ᠳᠡᠭᠰᠢ ᠲᠦᠷᠪᠡᠯᠵᠢᠨ ᠮᠧᠲᠷ᠂ ᠲᠥᠯᠥᠪᠵᠢᠭᠦᠯᠦᠭᠰᠡᠨ ᠪᠠᠷᠢᠯᠭ᠎ᠠ ᠶᠢᠨ ᠲᠠᠯᠠᠪᠠᠶ ᠨᠢ 37200 ᠳᠡᠭᠰᠢ ᠲᠦᠷᠪᠡᠯᠵᠢᠨ ᠮᠧᠲᠷ᠂ ᠡᠭᠦᠨ ᠳᠤ ᠠᠳᠤᠭᠤᠨ ᠎ ᠤ ᠡᠮᠨᠡᠯᠭᠡ ᠶᠢᠨ ᠲᠥᠪ᠂ ᠠᠳᠤᠭᠤᠨ ᠤ ᠬᠤᠷᠤᠭ᠎ᠠ᠂ ᠡᠪᠡᠰᠦ ᠪᠣᠷᠳᠣᠭᠠᠨ ᠤ ᠬᠥᠮᠥᠷᠭᠡ᠂ 3 ᠬᠥᠳᠡᠯᠭᠡᠭᠡᠨ ᠤ ᠲᠠᠯᠠᠪᠤᠷ ᠵᠢᠴᠢ ᠤᠯᠠᠮᠵᠢᠯᠠᠯᠲᠤ ᠴᠡᠭᠡ ᠶᠢᠨ ᠦᠶᠯᠡᠳᠪᠦᠷᠢ ᠶᠢᠨ ᠲᠠᠰᠤᠭ ᠢ ᠪᠠᠭᠳᠠᠭᠠᠵᠤ ᠪᠤᠢ᠃ ᠲᠥᠷᠥᠯ ᠵᠦᠶᠯ ᠢ 2023 ᠣᠨ ᠤ 4 ᠰᠠᠷ᠎ᠠ ᠳᠤ ᠠᠩᠬ᠎ᠠ ᠡᠬᠢᠯᠡᠭᠦᠯᠵᠦ 2025 ᠣᠨ ᠤ 8 ᠰᠠᠷ᠎ᠠ ᠳᠤ ᠳᠠᠭᠤᠰᠬᠠᠬᠤ ᠪᠠᠷ ᠲᠦᠯᠦᠪᠯᠡᠵᠦ᠂ ᠣᠳᠣᠬᠠᠨ ᠳᠤ ᠲᠤᠰ ᠲᠦᠷᠦᠯ ᠵᠦᠢᠯ ᠨᠢᠭᠡᠨᠲᠡ ᠦᠢᠯᠡᠳᠪᠦᠷᠢᠯᠡᠯ ᠢᠶᠠᠨ ᠡᠬᠢᠯᠡᠭᠦᠯᠦᠨ᠂ ᠲᠤᠬᠠᠢ ᠎ ᠶᠢᠨ ᠲᠠᠯᠠᠪᠠᠢ ᠶᠢᠨ ᠴᠠᠬᠢᠯᠭᠠᠨ ᠡᠭᠦᠰᠭᠡᠭᠴᠢ᠂ ᠴᠠᠬᠢᠯᠭᠠᠨ ᠣᠳᠠᠰᠤ᠂ ᠲᠦᠭᠡᠭᠡᠯ ᠤᠰᠤᠨ ᠤ ᠬᠤᠭᠤᠯᠠᠢ ᠵᠠᠯᠭᠠᠬᠤ ᠠᠵᠢᠯ ᠢ ᠬᠢᠵᠦ ᠪᠤᠢ᠃     ᠶᠤᠸᠠᠨ ᠤ ᠳᠡᠭᠡᠳᠦ ᠨᠡᠶᠢᠰᠯᠡᠯ ᠤᠨ ᠮᠠ ᠶᠤᠸᠠᠨ ᠰᠠᠶᠢᠨ ᠡᠭᠦᠯᠳᠡᠷ ᠤᠨ ᠠᠳᠤᠭᠤ ᠦᠷᠡᠵᠢᠬᠦᠯᠦᠨ ᠪᠤᠶᠢᠵᠢᠭᠤᠯᠬᠤ ᠲᠦᠷᠦᠯ ᠵᠦᠢᠯ ᠤᠨ ᠮᠡᠷᠭᠡᠵᠢᠯ ᠤᠨ ᠶᠡᠷᠦᠩᠬᠡᠢ ᠬᠢᠨᠠᠭᠴᠢ ᠵᠢᠶᠠ ᠮᠧᠢ ᠶᠠᠩ ᠬᠡᠯᠡᠬᠦ ᠳᠡᠭᠡᠨ᠄ ︽ᠤᠷᠢᠳᠠᠴᠢ ᠬᠤᠭᠤᠴᠠᠭᠠᠨ ᠤ ᠪᠡᠯᠡᠳᠬᠡᠯ᠂ ᠲᠥᠯᠥᠪᠵᠢᠭᠦᠯᠭᠡ᠂ ᠵᠢᠷᠤᠭ ᠲᠥᠯᠥᠪᠯᠡᠭᠡ᠂ ᠬᠢᠨᠠᠨ ᠬᠠᠷᠭᠤᠭᠤᠯᠤᠯᠲᠠ ᠪᠠᠷ ᠳᠠᠮᠵᠢᠨ ᠲᠦᠷᠦᠯ ᠵᠦᠢᠯ ᠢ ᠨᠢᠭᠡᠨᠳᠡ ᠪᠦᠬᠦ ᠲᠠᠯ᠎ᠠ ᠪᠠᠷ ᠡᠬᠢᠯᠡᠭᠦᠯᠵᠦ᠂ ᠡᠨᠡ ᠬᠤᠶᠠᠷ ᠡᠳᠦᠷ ᠶᠠᠭ ᠰᠠᠶᠢᠬᠠᠨ ᠠᠬᠤᠶ ᠲᠠᠯᠠᠪᠠᠶ ᠶᠢᠨ ᠴᠠᠬᠢᠯᠭᠠᠨ ᠡᠭᠦᠰᠭᠡᠭᠴᠢ᠂ ᠴᠠᠬᠢᠯᠭᠠᠨ ᠣᠳᠠᠰᠤ᠂ ᠲᠦᠭᠡᠭᠡᠯ ᠤᠰᠤᠨ ᠤ ᠬᠤᠭᠤᠯᠠᠶ ᠶᠢ ᠵᠠᠯᠭᠠᠵᠤ᠂ ᠮᠠᠷᠭᠠᠰᠢ ᠨᠥᠭᠦᠭᠡᠳᠦᠷ ᠠᠴᠠ ᠰᠠᠭᠤᠷᠢ ᠲᠥᠬᠦᠭᠡᠷᠦᠮᠵᠢ ᠶᠢ ᠪᠠᠶᠢᠭᠤᠯᠬᠤ ᠠᠵᠢᠯ ᠢ ᠡᠬᠢᠯᠡᠭᠦᠯᠦᠨ᠎ᠡ᠃ ᠡᠨᠡ ᠵᠢᠯ ᠪᠢᠳᠡ 80 ᠡᠳᠦᠷ ᠤᠨ ᠬᠤᠭᠤᠴᠠᠭᠠᠨ ᠳᠤ ᠦᠨᠳᠦᠰᠦᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠬᠦ ᠪᠠᠷ ᠴᠢᠷᠮᠠᠶᠢᠵᠤ ᠪᠠᠶᠢᠨ᠎ᠠ︾ ᠭᠡᠯ᠎ᠡ᠃     2024 ᠣᠨ ᠳᠤ᠂ ᠰᠢᠯᠤᠭᠤᠨ ᠬᠥᠬᠡ ᠬᠤᠰᠢᠭᠤ ᠭᠤᠤᠯᠳᠠᠯᠭ᠎ᠠ ᠲᠠᠢ ᠲᠥᠷᠥᠯ ᠵᠦᠶᠯ ᠳᠤ ᠬᠡᠷᠡᠭᠵᠢᠭᠦᠯᠬᠦ ᠲᠥᠯᠥᠪᠯᠡᠭᠡ ᠪᠠᠨ ᠦᠷᠭᠦᠯᠵᠢᠯᠡᠨ ᠲᠡᠭᠦᠯᠳᠡᠷᠵᠢᠭᠦᠯᠵᠦ᠂ ᠲᠥᠷᠥᠯ ᠵᠦᠶᠯ ᠢ ᠴᠢᠩᠭ᠎ᠠ ᠠᠳᠬᠤᠬᠤ ᠢᠯᠡ ᠲᠣᠳᠣ ᠤᠳᠤᠷᠢᠳᠤᠮᠵᠢ ᠶᠢ ᠤᠯᠠᠮ ᠴᠢᠨᠠᠭᠰᠢᠳᠠ ᠪᠠᠳᠤᠳᠬᠠᠨ᠂ ᠪᠥᠬᠦ ᠬᠦᠴᠦᠨ ᠢᠶᠠᠷ ᠢᠶᠠᠨ ᠠᠵᠤ ᠦᠶᠯᠡᠰ ᠢ ᠠᠳᠬᠤᠵᠤ᠂ ᠲᠥᠷᠥᠯ ᠵᠦᠶᠯ ᠢ ᠡᠬᠢᠯᠡᠭᠦᠯᠦᠨ᠂ ᠬᠥᠭᠵᠢᠯᠲᠡ ᠶᠢ ᠠᠬᠢᠭᠤᠯᠵᠤ᠂ ᠲᠥᠷᠥ ᠶᠢᠨ ᠪᠣᠳᠣᠯᠭ᠎ᠠ ᠶᠢᠨ ᠠᠰᠢᠭ ᠲᠤᠰᠠ᠂ ᠳᠠᠯᠳᠠ ᠬᠦᠴᠦᠨ ᠤ ᠳᠠᠪᠠᠭᠤᠯᠢᠭ ᠢ ᠬᠥᠭᠵᠢᠯᠲᠡ ᠶᠢᠨ ᠬᠦᠳᠡᠯᠭᠡᠭᠴᠢ ᠬᠦᠴᠦᠨ ᠪᠣᠯᠭᠠᠨ ᠬᠤᠪᠢᠷᠠᠭᠤᠯᠵᠤ᠂ ᠰᠢᠯᠤᠭᠤᠨ ᠬᠥᠬᠡ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠬᠦ ᠪᠠᠷ ᠴᠢᠷᠮᠠᠶᠢᠵᠦ ᠪᠤᠢ᠃  
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号