| | ᠦᠵᠡᠰᠭᠦᠯᠡᠩ ᠴᠤᠭᠳᠤ | 4 ᠰᠠᠷ᠎ᠠ ᠶᠢᠨ 20 ᠤ ᠡᠳᠦᠷ᠂ ᠰᠢᠯᠤᠭᠤᠨ ᠬᠦᠭᠡ ᠬᠤᠰᠢᠭᠤᠨ ᠤ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ | ᠬᠤᠰᠢᠭᠤᠴᠢ ᠰᠠᠶᠢᠨ ᠲᠤᠷ᠎ᠠ ᠶᠢᠨ ᠦᠢᠯᠡᠴᠢᠯᠡᠭᠡᠨ ᠤ ᠠᠩᠬᠢ ᠶᠢᠨ ᠠᠷᠪᠠᠭᠠᠳ ᠬᠡᠰᠢᠬᠦᠨ ᠪᠤᠱᠤᠤᠳᠠᠢ ᠰᠤᠮᠤᠨ ᠤ | ᠵᠠᠷᠤᠳ ᠭᠠᠴᠠᠭᠠᠨ ᠳᠤ ᠬᠦᠷᠴᠦ ᠡᠯᠡᠰᠦᠷᠭᠡᠭᠵᠢᠭᠰᠡᠨ ᠪᠡᠯᠴᠢᠭᠡᠷ ᠲᠤ ᠰᠢᠷ᠎ᠠ ᠪᠤᠷᠭᠠᠰᠤ ᠳᠠᠷᠢᠯᠡ᠃ | ᠤᠯᠠᠨ ᠢᠶᠠᠷ ᠢᠶᠠᠨ ᠪᠤᠷᠭᠠᠰᠤ ᠵᠦᠭᠡᠭᠡᠭᠦ᠂ ᠨᠦᠬᠡ ᠮᠠᠯᠳᠠᠬᠤ᠂ ᠪᠤᠷᠭᠠᠰᠤ ᠪᠠᠨ ᠳᠠᠷᠢᠵᠦ ᠪᠤᠯᠠᠬᠤ ᠵᠡᠷᠭᠡ ᠠᠵᠢᠯ | ᠤᠳ ᠢ ᠳᠡᠰ ᠳᠠᠷᠠᠭᠠᠯᠠᠯ ᠲᠠᠢ ᠱᠠᠯᠠᠪᠳᠠᠨ ᠬᠢᠵᠡᠭᠡᠵᠦ᠂ ᠤᠬᠤᠷᠬᠠᠨ ᠬᠠᠭᠠᠰ ᠡᠳᠦᠷ ᠤᠨ ᠳᠤᠳᠤᠷ᠎ᠠ ᠨᠡᠶᠢᠳᠡ 6000 | ᠰᠢᠷᠭᠡᠭ ᠰᠢᠷ᠎ᠠ ᠪᠤᠷᠭᠠᠰᠤ ᠲᠠᠷᠢᠵᠦ᠂ ᠪᠤᠳᠠᠳᠤ ᠠᠵᠢᠯᠯᠠᠭ᠎ᠠ ᠪᠠᠷ ᠢᠶᠠᠨ ᠨᠤᠳᠤᠭ ᠤᠰᠤᠨ ᠤ ᠪᠠᠨ ᠨᠤᠭᠤᠷᠠᠭᠤᠯᠤᠯᠳᠠ | ᠳᠤ ᠬᠦᠴᠦᠨ ᠨᠡᠮᠡᠷᠢᠯᠡᠭᠰᠡᠨ ᠪᠠᠶᠢᠨ᠎ᠠ᠃ | ᠰᠢᠯᠤᠭᠤᠨ ᠬᠦᠭᠡ ᠬᠤᠰᠢᠭᠤᠨ ᠤ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠬᠤᠰᠢᠭᠤᠴᠢ ᠰᠠᠶᠢᠨ ᠳᠤᠷ᠎ᠠ | ᠶᠢᠨ ᠦᠢᠯᠡᠴᠢᠯᠡᠭᠡᠨ ᠤ ᠠᠩᠬᠢ ᠶᠢᠨ ᠠᠬᠠᠯᠠᠭᠴᠢ ᠡᠷᠳᠡᠨᠢᠪᠢᠯᠢᠭ ᠬᠡᠯᠡᠬᠦ ᠳᠡᠭᠡᠨ᠄ ᠦᠨᠦᠳᠦᠷ ᠮᠠᠨ ᠤ ᠰᠠᠶᠢᠨ ᠳᠤᠷ᠎ᠠ | ᠶᠢᠨ ᠦᠢᠯᠡᠴᠢᠯᠡᠭᠡᠨ ᠤ ᠠᠩᠬᠢ ᠨᠢ ᠪᠤᠱᠤᠤᠳᠠᠢ ᠰᠤᠮᠤᠨ ᠤ ᠵᠠᠷᠤᠳ ᠭᠠᠴᠠᠭᠠᠨ ᠤ ᠡᠨᠡ ᠬᠡᠰᠡᠭ ᠡᠯᠡᠰᠦᠷᠭᠡᠭᠵᠢᠭᠰᠡᠨ | ᠭᠠᠵᠠᠷ ᠲᠤ ᠢᠷᠡᠵᠦ ᠤᠶᠢᠵᠢᠭᠤᠯᠤᠯᠳᠠ ᠶᠢᠨ ᠠᠵᠢᠯᠯᠠᠭ᠎ᠠ ᠦᠷᠨᠢᠬᠦᠯᠦᠯ᠎ᠡ᠃ ᠡᠶᠢᠮᠦᠷᠬᠦ ᠠᠵᠢᠯᠯᠠᠭ᠎ᠠ ᠶᠢ ᠪᠢᠳᠡ ᠵᠢᠯ | ᠳᠤ ᠬᠤᠶᠠᠷ ᠤᠳᠠᠭ᠎ᠠ ᠶᠠᠪᠤᠭᠳᠠᠭᠤᠯᠳᠠᠭ᠃ ᠬᠤᠶᠠᠷ ᠭᠤᠷᠪᠠᠨ ᠵᠢᠯ ᠤᠨ ᠬᠤᠭᠤᠴᠠᠭᠠᠨ ᠳᠤ ᠡᠨᠡᠬᠦ ᠪᠡᠯᠴᠢᠭᠡᠷ ᠢ | ᠡᠳᠡᠭᠡᠷᠡᠭᠦᠯᠦᠨ ᠰᠡᠷᠭᠦᠭᠡᠬᠦ ᠪᠠᠷ ᠲᠦᠯᠦᠪᠯᠡᠵᠦ ᠪᠠᠶᠢᠨ᠎ᠠ ᠭᠡᠯᠡ᠃ | ᠲᠤᠰ ᠣᠳᠠᠭᠠᠨ ᠤ ᠠᠵᠢᠯᠯᠠᠭ᠎ᠠ ᠳᠤ ᠰᠢᠯᠤᠭᠤᠨ ᠬᠦᠭᠡ ᠬᠤᠰᠢᠭᠤᠨ ᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ | ᠲᠦᠴᠢᠭᠡᠳ ᠰᠤᠷᠤᠭᠴᠢ ᠪᠤᠯᠤᠨ ᠬᠡᠰᠡᠭ ᠪᠠᠭᠰᠢ᠂ ᠭᠡᠷ ᠤᠨ ᠠᠬᠠᠮᠠᠳ ᠪᠠᠰᠠ ᠢᠳᠡᠪᠬᠢᠯᠡᠨ ᠤᠷᠤᠯᠴᠠᠭᠰᠠᠨ ᠪᠠᠶᠢᠨ᠎ᠠ᠃ | | ᠰᠤᠷᠤᠭᠴᠢ ᠡᠩᠭᠡᠵᠤᠯᠠ ᠰᠤᠷᠪᠤᠯᠵᠢᠯᠠᠭ᠎ᠠ ᠬᠦᠯᠢᠶᠡᠬᠦ ᠳᠡᠭᠡᠨ᠄ ᠦᠨᠦᠳᠦᠷ ᠮᠠᠨ ᠤ ᠠᠩᠬᠢ ᠪᠠᠷ ᠢᠶᠠᠨ ᠵᠠᠷᠤᠳ | ᠭᠠᠴᠠᠭᠠᠨ ᠳᠤ ᠢᠷᠡᠵᠦ ᠨᠤᠭᠤᠭᠠᠷᠠᠭᠤᠯᠤᠯᠳᠠ ᠶᠢᠨ ᠠᠵᠢᠯᠯᠠᠭ᠎ᠠ ᠳᠤ ᠤᠷᠤᠯᠴᠠᠯ᠎ᠠ᠃ ᠪᠦᠬᠦ ᠠᠩᠬᠢ ᠪᠠᠷ ᠢᠶᠠᠨ | ᠪᠦᠯᠬᠦᠮᠳᠡᠯ ᠲᠠᠢ ᠠᠵᠢᠯᠯᠠᠵᠤ᠂ ᠶᠡᠭᠡ ᠭᠤᠶᠤ ᠰᠠᠨᠠᠭᠳᠠᠯ᠎ᠠ᠃ ᠪᠤᠷᠤᠭᠠᠨ ᠤ ᠳᠠᠷᠠᠭ᠎ᠠ ᠳᠡᠭᠷᠢ ᠴᠡᠯᠮᠡᠭᠡᠳ ᠠᠭᠤᠷ | ᠠᠮᠢᠰᠬᠤᠯ ᠳᠠᠭᠠᠯᠠᠮᠵᠢᠳᠠᠢ᠂ ᠨᠤᠲᠤᠭ ᠤᠨ ᠦᠵᠡᠮᠵᠢ ᠪᠠᠰᠠ ᠰᠠᠶᠢᠬᠠᠨ ᠪᠠᠶᠢᠨ᠎ᠠ᠃ ᠬᠤᠶᠢᠰᠢᠳᠠ ᠡᠶᠢᠮᠦᠷᠬᠦ | ᠠᠵᠢᠯᠯᠠᠭ᠎ᠠ ᠳᠤ ᠢᠯᠡᠭᠦᠭᠡᠨ ᠤᠷᠤᠯᠴᠠᠶ᠎ᠠ ᠭᠡᠵᠦ ᠪᠤᠳᠤᠵᠤ ᠪᠠᠶᠢᠨ᠎ᠠ ᠭᠡᠯᠡ᠃ | ᠰᠢᠯᠤᠭᠤᠨ ᠬᠦᠭᠡ ᠬᠤᠰᠢᠭᠤᠨ ᠤ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠬᠤᠰᠢᠭᠤᠴᠢ ᠰᠠᠶᠢᠨ ᠳᠤᠷ᠎ᠠ | ᠶᠢᠨ ᠦᠢᠯᠡᠴᠢᠯᠡᠭᠡᠨ ᠤ ᠠᠩᠬᠢ ᠪᠤᠯ ᠤᠷᠴᠢᠨ ᠲᠤᠭᠤᠷᠢᠨ ᠢ ᠬᠠᠮᠠᠭᠠᠯᠠᠵᠤ ᠤᠶᠢᠵᠢᠭᠤᠯᠬᠤ᠂ ᠨᠡᠶᠢᠭᠡᠮ ᠤᠨ ᠲᠤᠷᠤᠢ | ᠪᠠᠭᠤᠷᠠᠶᠢᠴᠤᠤᠯ ᠳᠤ ᠬᠠᠯᠠᠮᠵᠢ ᠬᠦᠷᠳᠡᠭᠡᠬᠦ᠂ ᠵᠦᠪ ᠦᠷᠳᠡᠭ ᠤᠨ ᠦᠵᠡᠯᠳᠡ ᠶᠢ ᠲᠦᠭᠡᠮᠡᠯᠵᠢᠬᠦᠯᠬᠦ ᠵᠡᠷᠭᠡ | ᠠᠵᠢᠯᠯᠠᠭ᠎ᠠ ᠶᠢ ᠦᠷᠨᠢᠬᠦᠯᠳᠡᠭ ᠬᠠᠯᠠᠭᠤᠨ ᠰᠡᠳᠬᠢᠯᠳᠦ ᠬᠦᠮᠦᠰ ᠢᠶᠠᠷ ᠪᠦᠷᠢᠯᠳᠦᠭᠰᠡᠨ ᠬᠤᠯᠪᠤᠭ᠎ᠠ ᠪᠤᠯᠤᠨ᠎ᠠ᠃ | 2015 ᠤᠨ ᠳᠤ ᠠᠩᠬ᠎ᠠ ᠪᠠᠶᠢᠭᠤᠯᠤᠭᠳᠠᠵᠤ᠂ ᠤᠳᠤ ᠪᠤᠯᠬᠤ ᠳᠤ ᠲᠠᠪᠢᠭᠠᠳ ᠬᠡᠰᠢᠬᠦᠨ ᠲᠠᠢ ᠪᠤᠯᠵᠤ ᠦᠷᠭᠡᠵᠢᠨ᠂ | ᠡᠯ᠎ᠡ ᠵᠦᠢᠯ ᠤᠨ ᠪᠤᠶᠠᠨᠰᠠᠭ ᠠᠵᠢᠯᠯᠠᠭ᠎ᠠ ᠳᠤ ᠢᠳᠡᠪᠬᠢᠯᠡᠨ ᠤᠷᠤᠯᠴᠠᠳᠠᠭ ᠢᠶᠠᠷ ᠢᠶᠠᠨ ᠤᠯᠠᠨ ᠲᠦᠮᠡᠨ ᠤ ᠨᠡᠶᠢᠭᠡᠮ | ᠤᠨ ᠡᠯ᠎ᠡ ᠡᠳᠡᠭᠡᠳ ᠤᠨ ᠬᠠᠯᠠᠭᠤᠨ ᠬᠦᠷᠢᠶᠠᠯᠠᠯ ᠢ ᠤᠯᠤᠭᠰᠠᠨ ᠪᠠᠶᠢᠨ᠎ᠠ᠃ ᠤᠨᠴᠠᠭᠠᠶᠢᠯᠠᠨ ᠤᠯᠠᠨ ᠤᠳᠠᠭᠠᠨ ᠤ | ᠨᠤᠭᠤᠭᠠᠷᠠᠭᠤᠯᠤᠯᠳᠠ ᠶᠢᠨ ᠠᠵᠢᠯᠯᠠᠭ᠎ᠠ ᠶᠢ ᠵᠤᠬᠢᠶᠠᠨ ᠪᠠᠶᠢᠭᠤᠯᠤᠨ ᠶᠠᠪᠤᠭᠳᠠᠭᠤᠯᠵᠤ᠂ ᠪᠤᠳᠠᠳᠤ ᠠᠵᠢᠯᠯᠠᠭ᠎ᠠ ᠪᠠᠷ | ᠢᠶᠠᠨ ᠬᠦᠮᠦᠰ ᠢ ᠡᠬᠡ ᠪᠠᠶᠢᠭᠠᠯᠢ ᠠᠮᠢᠳᠠᠨ ᠤᠷᠭᠤᠮᠠᠯ ᠢ ᠬᠠᠶᠢᠷᠠᠯᠠᠨ᠂ ᠰᠠᠶᠢᠨ ᠰᠠᠶᠢᠬᠠᠨ ᠢ ᠳᠡᠯᠭᠡᠷᠡᠭᠦᠯᠦᠨ | ᠲᠦᠭᠡᠮᠡᠯᠵᠢᠬᠦᠯᠬᠦ ᠶᠢ ᠤᠷᠢᠶᠠᠯᠠᠨ ᠰᠤᠷᠳᠠᠯᠴᠢᠯᠠᠵᠤ ᠪᠤᠢ᠃ | |