ᠰᠢᠯᠤᠭᠤᠨ ᠬᠥᠬᠡ ᠬᠤᠰᠢᠭᠤ ᠭᠤᠤᠯᠳᠠᠯᠭ᠎ᠠ ᠲᠠᠢ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2024/4/22
    4 ᠰᠠᠷ᠎ᠠ ᠶᠢᠨ 18 ᠤ ᠡᠳᠦᠷ᠂ ᠰᠢᠯᠤᠭᠤᠨ ᠬᠥᠬᠡ ᠬᠤᠰᠢᠭᠤᠨ ᠤ 2024 ᠣᠨ ᠤ ᠴᠢᠨᠠᠷᠯᠢᠭ ᠬᠥᠭᠵᠢᠯᠲᠡ  ᠶᠢ ᠠᠬᠢᠭᠤᠯᠬᠤ ᠭᠤᠤᠯᠳᠠᠯᠭ᠎ᠠ ᠲᠠᠢ ᠲᠥᠷᠥᠯ ᠵᠦᠶᠯ ᠢ ᠠᠵᠢᠯ ᠡᠬᠢᠯᠡᠬᠦᠯᠬᠦ ᠶᠤᠰᠤᠯᠠᠯ ᠶᠤᠸᠠᠨ ᠤ ᠳᠡᠭᠡᠳᠦ ᠨᠡᠶᠢᠰᠯᠡᠯ ᠠᠳᠤᠭᠤᠨ ᠤ ᠦᠢᠯᠡᠰ ᠤᠨ ᠲᠥᠷᠥᠯ ᠵᠦᠶᠯ ᠤᠨ ᠲᠠᠯᠠᠪᠠᠢ ᠳᠤ ᠦᠪᠡᠳᠡᠭᠰᠢ ᠶᠡᠭᠡ ᠪᠠᠷ ᠶᠠᠪᠤᠭᠳᠠᠯ᠎ᠠ᠃
微信图片_20240422100925.jpg
微信图片_20240422100929.jpg
    ᠬᠤᠰᠢᠭᠤ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠭᠠᠩᠪᠦ᠋ᠬᠡ ᠠᠵᠢᠯ ᠡᠬᠢᠯᠡᠬᠦ ᠶᠤᠰᠤᠯᠠᠯ ᠳᠤ ᠣᠷᠣᠯᠴᠠᠵᠤ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠹᠧᠩ ᠵᠢᠶᠠᠨ ᠵᠢᠶᠦ᠋ᠨ ᠠᠵᠢᠯ ᠡᠬᠢᠯᠡᠭᠰᠡᠨ ᠢ ᠵᠠᠷᠯᠠᠵᠠᠢ᠃ ᠬᠤᠰᠢᠭᠤ ᠤᠳᠤᠷᠢᠳᠤᠯᠭ᠎ᠠ ᠶᠠᠨ ᠷᠦᠢ ᠴᠢ᠂ ᠵᠠᠩ ᠯᠢ ᠪᠢᠨ᠂ ᠠᠮᠵᠢᠯᠳᠤ᠂ ᠯᠢᠦᠶ ᠡᠾᠦ᠋ᠢ᠂ ᠱᠧᠨ ᠭᠤᠸᠠᠩ ᠱᠧᠩ᠂ ᠵᠤᠷᠢᠭᠰᠠᠶᠢᠬᠠᠨ᠂ ᠯᠢ ᡁᠢ ᠵᠢᠤᠸᠠᠨ ᠵᠢᠴᠢ ᠱᠠᠩᠳᠤ ᠴᠠᠬᠢᠯᠭᠠᠨ ᠦᠶᠯᠡᠳᠪᠦᠷᠢ ᠶᠢᠨ ᠳᠡᠳ᠋ ᠶᠡᠷᠦᠩᠬᠡᠶ ᠳᠠᠭᠠᠭᠠᠮᠠᠯ ᠡᠦ ᠯᠢ ᠫᠢᠩ ᠨᠠᠷ ᠠᠵᠢᠯᠯᠠᠭ᠎ᠠ ᠳᠤ ᠤᠷᠤᠯᠴᠠᠵᠠᠢ᠃ ᠵᠦᠩ ᠴᠤᠸᠠᠨ 30 ᠲᠦᠮᠡᠨ ᠺᠢᠯᠣᠸᠠᠲ  ᠤᠨ ᠣᠨᠴᠠ ᠥᠨᠳᠥᠷ ᠬᠦᠴᠦᠳᠡᠯᠲᠦ ᠴᠠᠬᠢᠯᠭᠠᠨ ᠢ ᠭᠠᠳᠠᠭᠰᠢ ᠬᠦᠷᠭᠡᠬᠦ ᠰᠢᠨ᠎ᠡ ᠡᠨᠧᠷᠭᠢ᠂ ᠶᠤᠸᠠᠨ ᠤ ᠳᠡᠭᠡᠳᠦ ᠨᠡᠶᠢᠰᠯᠡᠯ ᠤᠨ ᠠᠳᠤᠭᠤᠨ ᠤ ᠦᠢᠯᠡᠰ ᠤᠨ ᠬᠦᠷᠢᠶᠡᠯᠡᠩ᠂ ᠰᠢᠯᠢ ᠶᠢᠨ ᠭᠤᠤᠯ ᠤᠨ ᠪᠡᠶ᠎ᠡ ᠰᠤᠪᠢᠯᠠᠬᠤ ᠭᠠᠵᠠᠷ ᠵᠡᠷᠭᠡ ᠲᠥᠷᠥᠯ ᠵᠦᠶᠯ ᠤᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠣᠰ ᠲᠣᠰ ᠰᠠᠨᠠᠯ ᠢᠶᠠᠨ ᠰᠤᠯᠢᠯᠴᠠᠭᠰᠠᠨ ᠪᠠᠶᠢᠨ᠎ᠠ᠃     ᠶᠤᠸᠠᠨ ᠤ ᠳᠡᠭᠡᠳᠦ ᠨᠡᠶᠢᠰᠯᠡᠯ ᠤᠨ ᠰᠠᠶᠢᠨ ᠡᠭᠦᠯᠳᠡᠷ ᠤᠨ ᠠᠳᠤᠭᠤ ᠦᠷᠡᠵᠢᠭᠦᠯᠦᠨ ᠪᠣᠶᠢᠵᠢᠭᠤᠯᠬᠤ ᠰᠠᠭᠤᠷᠢᠨ  ᠳᠤ᠂ ᠪᠠᠷᠢᠯᠭ᠎ᠠ ᠶᠢᠨ ᠮᠠᠰᠢᠨ ᠲᠦᠭᠦᠭᠡᠷᠦᠮᠵᠢ ᠵᠢᠭᠳᠡᠷᠡᠨ᠂ ᠠᠵᠢᠯᠴᠢᠳ ᠵᠢᠪᠬᠤᠭ᠎ᠠ ᠳᠡᠭᠦᠯᠳᠡᠷ ᠵᠢᠬᠰᠠᠵᠠᠭᠠᠨ᠎ᠠ᠃
微信图片_20240422100938.jpg
微信图片_20240422100934.jpg
微信图片_20240422100942.jpg
微信图片_20240422100946.jpg
     ᠣᠶᠢᠯᠠᠭᠠᠭᠰᠠᠨ ᠢᠶᠠᠷ᠂ 2024 ᠣᠨ ᠳᠤ ᠰᠢᠯᠤᠭᠤᠨ ᠬᠥᠬᠡ ᠬᠤᠰᠢᠭᠤ ᠠᠶᠢᠮᠠᠭ ᠤᠨ ᠲᠠᠰ ᠤᠨ 11 ᠭᠤᠤᠯᠳᠠᠯᠭ᠎ᠠ ᠲᠠᠢ ᠲᠥᠷᠥᠯ ᠵᠦᠶᠯ ᠢ ᠬᠡᠷᠡᠭᠵᠢᠭᠦᠯᠬᠦ ᠪᠠᠷ ᠲᠥᠯᠥᠪᠯᠡᠵᠦ᠂ ᠡᠳᠡᠭᠡᠷ ᠲᠦᠷᠦᠯ ᠵᠦᠢᠯ ᠤᠨ ᠶᠡᠷᠦᠩᠬᠡᠶ ᠪᠠᠯᠠ ᠣᠷᠣᠭᠤᠯᠤᠯᠲᠠ ᠨᠢ 43.2 ᠳ᠋ᠦᠩᠰᠢᠭᠤᠷ ᠲᠥᠭᠦᠷᠢᠭ ᠪᠠᠶᠢᠵᠦ᠂ ᠡᠨᠡ ᠵᠢᠯ 25.96 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠬᠤ ᠪᠠᠷ ᠲᠥᠯᠥᠪᠯᠡᠵᠦ ᠪᠣᠶ︔ ᠬᠤᠰᠢᠭᠤᠨ ᠤ ᠲᠠᠰ ᠤᠨ ᠭᠤᠤᠯᠳᠠᠯᠭ᠎ᠠ ᠲᠠᠢ ᠲᠥᠷᠥᠯ ᠵᠦᠶᠯ 31 ᠪᠠᠶᠢᠵᠤ᠂ ᠨᠡᠶᠢᠲᠡ 17.7 ᠳ᠋ᠦᠩᠰᠢᠭᠤᠷ ᠲᠥᠭᠦᠷᠢᠭ ᠤᠨ ᠪᠠᠯᠠ ᠤᠷᠤᠭᠤᠯᠬᠤ ᠪᠠᠷ ᠲᠦᠯᠦᠪᠯᠡᠨ᠂ ᠡᠨᠡ ᠵᠢᠯ 6.2 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠬᠤ ᠪᠤᠯᠤᠨ᠎ᠠ᠃ ᠥᠨᠥᠳᠦᠷ 30 ᠲᠥᠷᠥᠯ ᠵᠦᠶᠯ ᠠᠵᠢᠯ ᠡᠬᠢᠯᠡᠭᠦᠯᠦᠨ᠂ ᠤᠷᠴᠢᠮᠬᠠᠨ ᠨᠢᠭᠡᠨᠳᠡ ᠠᠵᠢᠯ ᠡᠬᠢᠯᠡᠭᠰᠡᠨ ᠲᠦᠷᠦᠯ ᠵᠦᠢᠯ 2 ᠪᠠᠶᠢᠵᠦ᠂ ᠠᠵᠢᠯ ᠡᠬᠢᠯᠡᠭᠦᠯᠦᠭᠰᠡᠨ ᠨᠣᠷᠮ᠎ᠠ 76% ᠳᠤ ᠬᠦᠷᠴᠡᠶ᠃
微信图片_20240422100955.jpg
微信图片_20240422100959.jpg
    ᠠᠵᠢᠯ ᠡᠬᠢᠯᠡᠬᠦ ᠶᠢ ᠵᠠᠷᠯᠠᠮᠠᠭᠴᠠ᠂ ᠤᠳᠬᠤᠭᠤᠷ ᠮᠠᠰᠢᠨ᠂ ᠵᠦᠭᠡᠭᠡᠪᠦᠷᠢᠯᠡᠬᠦ ᠲᠡᠷᠭᠡ ᠵᠢᠴᠢ ᠪᠤᠰᠤᠳ ᠪᠠᠷᠢᠯᠭ᠎ᠠ  ᠶᠢᠨ ᠮᠠᠰᠢᠨ ᠲᠡᠷᠭᠡ ᠵᠡᠷᠭᠡᠳᠡ ᠪᠦᠷᠢᠶ᠎ᠡ ᠪᠠᠨ ᠬᠠᠩᠬᠢᠨᠠᠭᠤᠯᠤᠨ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠵᠢᠯ ᠡᠬᠢᠯᠡᠭᠰᠡᠨ ᠢ ᠪᠡᠯᠭᠡᠳᠡᠯ᠎ᠡ᠃    ᠶᠤᠸᠠᠨ ᠤ ᠳᠡᠭᠡᠳᠦ ᠨᠡᠶᠢᠰᠯᠡᠯ ᠤᠨ ᠠᠳᠤᠭᠤᠨ ᠤ ᠦᠢᠯᠡᠰ ᠤᠨ ᠲᠦᠷᠦᠯ ᠵᠦᠢᠯ ᠤᠨ ᠮᠡᠷᠭᠡᠵᠢᠯ ᠤᠨ ᠶᠡᠷᠦᠩᠬᠡᠢ ᠬᠢᠨᠠᠭᠴᠢ ᠵᠢᠶᠠ ᠮᠧᠢ ᠶᠠᠩ ᠬᠡᠯᠡᠬᠦ ᠳᠡᠭᠡᠨ᠄ ᠶᠤᠸᠠᠨ ᠤ ᠳᠡᠭᠡᠳᠦ ᠨᠡᠶᠢᠰᠯᠡᠯ ᠤᠨ ᠠᠳᠤᠭᠤᠨ ᠤ ᠦᠢᠯᠡᠰ ᠤᠨ ᠲᠦᠷᠦᠯ ᠵᠦᠢᠯ ᠨᠢ ᠠᠳᠤᠭᠤᠨ ᠤ ᠠᠵᠤ ᠦᠢᠯᠡᠰ ᠢᠶᠠᠷ ᠭᠤᠣᠯ ᠴᠣᠭᠴᠠ ᠪᠤᠯᠭᠠᠨ᠂ ᠲᠠᠯ᠎ᠠ ᠨᠤᠲᠤᠭ ᠤᠨ ᠵᠤᠭᠠᠴᠠᠯ ᠤᠨ ᠲᠦᠷᠦᠯ ᠵᠦᠢᠯ ᠢ ᠤᠶᠠᠯᠳᠤᠭᠤᠯᠵᠤ᠂ ᠡᠷᠬᠢᠨ ᠲᠣᠭᠤᠷᠢᠨ ᠤ ᠰᠤᠮᠤ ᠪᠠᠯᠭᠠᠰᠤ᠂ ᠭᠠᠴᠠᠭ᠎ᠠ ᠵᠢᠴᠢ ᠭᠡᠰᠡᠭ ᠰᠣᠶᠣᠯ ᠵᠤᠭᠠᠴᠠᠯ ᠤᠨ ᠠᠵᠤ ᠠᠬᠤᠶᠢᠯᠠᠯ ᠲᠠᠢ ᠬᠠᠮᠳᠤᠷᠠᠯᠴᠠᠨ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠵᠦ᠂ ᠰᠣᠶᠣᠯ ᠵᠤᠭᠠᠴᠠᠯ ᠤᠨ ᠠᠵᠤ ᠦᠢᠯᠡᠰ ᠲᠤ ᠬᠦᠴᠦᠨ ᠨᠡᠮᠡᠷᠢᠯᠡᠬᠦ ᠪᠤᠯᠤᠨ᠎ᠠ ᠭᠡᠯ᠎ᠡ᠃    ᠰᠢᠯᠤᠭᠤᠨ ᠬᠥᠬᠡ ᠬᠤᠰᠢᠭᠤᠨ ᠤ ᠠᠵᠠᠳᠠᠢ ᠰᠤᠪᠢᠯᠠᠯᠲᠠ ᠶᠢᠨ ᠬᠦᠷᠢᠶᠡᠯᠡᠩ ᠤᠨ ᠬᠠᠷᠢᠭᠤᠴᠠᠯᠭᠠᠳᠠᠨ ᠸᠠᠩ ᠲᠤᠤ ᠬᠡᠯᠡᠬᠦ ᠳᠡᠭᠡᠨ᠄ ᠰᠢᠯᠢ ᠶᠢᠨ ᠭᠤᠤᠯ ᠠᠶᠢᠮᠠᠭ ᠤᠨ ᠠᠵᠠᠳᠠᠢ ᠪᠡᠶ᠎ᠡ ᠰᠤᠪᠢᠯᠠᠯᠲᠠ ᠶᠢᠨ ᠲᠥᠷᠥᠯ ᠵᠦᠶᠯ ᠪᠣᠯ ᠠᠮᠢ ᠠᠬᠤᠶ ᠶᠢᠨ ᠪᠡᠶ᠎ᠡ ᠰᠤᠪᠢᠯᠠᠯᠲᠠ ᠶᠢᠨ ᠪᠠᠭᠤᠳᠠᠯ ᠢᠶᠠᠷ ᠭᠤᠤᠯ ᠴᠣᠭᠴᠠ ᠪᠣᠯᠭᠠᠵᠤ ᠪᠠᠶᠢᠭ᠎ᠠ ᠶᠤᠮ᠃ ᠡᠭᠦᠨ ᠳᠤ ᠨᠤᠲᠤᠭ ᠪᠡᠯᠴᠢᠭᠡᠷ ᠤᠨ ᠠᠮᠢ ᠠᠬᠤᠶ ᠶᠢᠨ ᠲᠥᠷᠥᠯ ᠵᠦᠶᠯ ᠤᠨ ᠲᠣᠭᠤᠷᠢᠭ᠂ ᠬᠢᠲᠠᠳ ᠮᠣᠩᠭᠤᠯ ᠡᠮᠨᠡᠯᠭᠡ ᠶᠢᠨ ᠪᠡᠶ᠎ᠡ ᠰᠤᠪᠢᠯᠠᠯᠲᠠ ᠡᠷᠡᠭᠦᠯᠵᠢᠯ ᠤᠨ ᠲᠣᠭᠤᠷᠢᠭ᠂ ᠴᠡᠭᠡ ᠵᠡᠷᠭᠡ ᠣᠷᠭᠠᠨᠢᠭ ᠢᠳᠡᠭᠡᠨ ᠢᠶᠠᠷ ᠰᠤᠪᠢᠯᠠᠬᠤ ᠲᠣᠭᠤᠷᠢᠭ᠂ ᠳᠠᠶᠢᠯᠠᠯᠭ᠎ᠠ ᠶᠢᠨ ᠲᠣᠭᠤᠷᠢᠭ᠂ ᠬᠤᠨᠤᠭ ᠪᠠᠭᠤᠳᠠᠯ ᠤᠨ ᠲᠣᠭᠤᠷᠢᠭ ᠢ ᠨᠢᠭᠡ ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠴᠢᠨᠠᠷᠲᠠᠶ ᠦᠶᠯᠡᠴᠢᠯᠡᠭᠡᠨ ᠤ ᠪᠠᠶᠢᠭᠤᠯᠤᠮᠵᠢ ᠶᠢ ᠪᠠᠭᠲᠠᠭᠠᠨ᠎ᠠ᠃ ᠮᠠᠨ ᠤ ᠠᠵᠤ ᠠᠬᠤᠶᠢᠯᠠᠯ ᠤᠨ  ᠬᠢᠨ ᠪᠠᠰᠠ ᠴᠢᠨᠠᠷ ᠰᠠᠶᠢᠲᠠᠢ ᠡᠬᠢ ᠪᠠᠶᠠᠯᠢᠭ ᠢ ᠲᠤᠬᠢᠷᠠᠭᠤᠯᠵᠤ᠂ ᠭᠤᠭᠴᠤᠭ᠎ᠠ ᠨᠢᠭᠡᠪᠦᠷᠢ ᠶᠢ ᠴᠢᠩᠭ᠎ᠠ ᠡᠵᠡᠮᠳᠡᠨ᠂ ᠲᠦᠷᠦᠯ ᠵᠦᠢᠯ ᠤᠨ ᠥᠨᠳᠥᠷ ᠪᠠᠷᠢᠮᠵᠢᠶ᠎ᠠ᠂ ᠴᠢᠨᠠᠷᠯᠢᠭ ᠪᠦᠳᠦᠭᠡᠨ ᠪᠠᠶᠢᠭᠤᠯᠤᠯᠲᠠ ᠶᠢ ᠪᠠᠲᠤᠯᠠᠨ᠎ᠠ ᠭᠡᠯ᠎ᠡ᠃ᠡᠨᠡ ᠵᠢᠯ᠂ ᠰᠢᠯᠤᠭᠤᠨ ᠬᠥᠬᠡ ᠬᠤᠰᠢᠭᠤ ᠪᠥᠬᠦ ᠣᠷᠣᠨ᠂ ᠪᠥᠬᠦ ᠠᠶᠢᠮᠠᠭ ᠤᠨ ᠠᠷᠠᠯᠵᠢᠶ᠎ᠠ ᠡᠷᠬᠢᠯᠡᠬᠦ ᠣᠷᠴᠢᠨ ᠨᠥᠬᠦᠴᠡᠯ ᠵᠢᠴᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠭᠤᠤᠯᠳᠠᠯᠭ᠎ᠠ ᠲᠠᠢ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠪᠠᠯᠠ ᠣᠷᠣᠭᠤᠯᠤᠯᠲᠠ ᠶᠢ ᠲᠣᠭᠲᠠᠪᠤᠷᠢᠵᠢᠭᠤᠯᠬᠤ᠂ ᠬᠥᠭᠵᠢᠯᠲᠡ ᠶᠢ ᠠᠬᠢᠭᠤᠯᠬᠤ᠂ ᠳᠤᠲᠠᠭᠤᠳᠠᠯ  ᠢ ᠨᠥᠬᠦᠪᠥᠷᠢᠯᠡᠬᠦ ᠴᠢᠬᠤᠯᠠ ᠭᠠᠷᠳᠠᠴᠠ ᠪᠣᠯᠭᠠᠵᠤ᠂ ᠲᠥᠷᠥᠯ ᠵᠦᠶᠯ ᠤᠨ ᠲᠥᠯᠥᠪᠵᠢᠭᠦᠯᠭᠡ ᠪᠠ ᠲᠥᠷᠥᠯ ᠵᠦᠶᠯ ᠤᠨ ᠦᠶᠯᠡᠴᠢᠯᠡᠭᠡ ᠶᠢ ᠪᠥᠬᠦ ᠲᠠᠯ᠎ᠠ ᠪᠠᠷ ᠰᠠᠶᠢᠲᠤᠷ ᠬᠢᠵᠦ᠂ ᠨᠠᠩ ᠳᠠᠪᠠᠭᠤᠯᠢᠭ ᠪᠠᠯᠠ ᠣᠷᠣᠭᠤᠯᠤᠯᠲᠠ ᠶᠢᠨ ᠣᠷᠴᠢᠨ ᠨᠥᠬᠦᠴᠡᠯ ᠢ ᠪᠤᠢ ᠪᠤᠯᠭᠠᠭᠰᠠᠨ ᠪᠠᠶᠢᠨ᠎ᠠ᠃ᠰᠢᠯᠤᠭᠤᠨ ᠬᠥᠬᠡ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ ᠬᠠᠰᠭᠡᠷᠡᠯ ᠬᠡᠯᠡᠬᠦ ᠳᠡᠭᠡᠨ᠄ ᠡᠨᠡ ᠵᠢᠯ ᠶᠡᠷᠦᠩᠬᠡᠢ ᠪᠡᠯᠡ ᠣᠷᠣᠭᠤᠯᠤᠯᠲᠠ 46.68 ᠳ᠋ᠦᠩᠰᠢᠭᠤᠷ ᠲᠥᠭᠦᠷᠢᠭ  ᠪᠤᠯᠬᠤ 32 ᠲᠥᠷᠥᠯ ᠵᠦᠢᠯ ᠢ ᠪᠦᠲᠦᠭᠡᠨ ᠪᠠᠶᠢᠭᠤᠯᠵᠤ᠂ ᠵᠢᠯ ᠤᠨ ᠳᠣᠲᠣᠷ᠎ᠠ 19.9 ᠳ᠋ᠦᠩᠰᠢᠭᠤᠷ ᠲᠥᠭᠦᠷᠢᠭ ᠢ ᠪᠡᠶᠡᠯᠡᠭᠦᠯᠬᠦ  ᠪᠠᠷ ᠲᠥᠯᠥᠪᠯᠡᠵᠦ ᠪᠠᠶᠢᠨ᠎ᠠ ᠭᠡᠯ᠎ᠡ᠃     ᠰᠢᠯᠤᠭᠤᠨ ᠬᠥᠬᠡ ᠬᠤᠰᠢᠭᠤ ᠲᠣᠰ ᠤᠳᠠᠭᠠᠨ ᠤ ᠭᠤᠤᠯᠳᠠᠯᠭ᠎ᠠ ᠲᠠᠢ ᠲᠥᠷᠥᠯ ᠵᠦᠶᠯ ᠢ ᠠᠵᠢᠯ ᠡᠬᠢᠯᠡᠭᠦᠯᠬᠦ  ᠪᠠᠷ ᠲᠣᠬᠢᠶᠠᠯ ᠪᠣᠯᠭᠠᠵᠤ᠂ ᠲᠥᠷᠥᠯ ᠵᠦᠶᠯ ᠢ ᠶᠡᠭᠡ ᠪᠠᠷ ᠠᠳᠬᠤᠬᠤ ᠢᠯᠡ ᠲᠣᠳᠣ ᠤᠳᠤᠷᠢᠳᠤᠮᠵᠢ ᠶᠢ ᠤᠯᠠᠮ ᠴᠢᠨᠠᠭᠰᠢᠳᠠ ᠪᠠᠳᠤᠳᠬᠠᠨ᠂ ᠪᠥᠬᠦ ᠬᠦᠴᠦᠨ ᠢᠶᠠᠷ ᠢᠶᠠᠨ ᠠᠵᠤ ᠦᠶᠯᠡᠰ ᠢ ᠠᠳᠬᠤᠬᠤ᠂ ᠲᠥᠷᠥᠯ ᠵᠦᠶᠯ ᠢ ᠡᠬᠢᠯᠡᠬᠦᠯᠬᠦ᠂ ᠬᠥᠭᠵᠢᠯᠲᠡ ᠶᠢ ᠠᠬᠢᠭᠤᠯᠬᠤ ᠶᠢ ᠪᠡᠶᠡᠯᠡᠭᠦᠯᠦᠨ᠂ ᠲᠥᠷᠥ ᠶᠢᠨ ᠪᠣᠳᠣᠯᠭ᠎ᠠ ᠶᠢᠨ ᠠᠰᠢᠭ ᠲᠤᠰᠠ᠂ ᠳᠠᠯᠳᠠ ᠬᠦᠴᠦᠨ ᠤ ᠳᠠᠪᠠᠭᠤᠯᠢᠭ ᠢᠶᠠᠨ ᠬᠥᠭᠵᠢᠯᠲᠡ ᠶᠢᠨ ᠬᠦᠳᠡᠯᠭᠡᠭᠦ ᠬᠦᠴᠦ ᠪᠣᠯᠭᠠᠨ ᠬᠤᠪᠢᠷᠠᠭᠤᠯᠵᠤ᠂ ᠰᠢᠯᠤᠭᠤᠨ ᠬᠥᠬᠡ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠬᠦ ᠪᠠᠷ ᠴᠢᠷᠮᠠᠶᠢᠵᠦ ᠪᠤᠢ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号