ᠬᠤᠰᠢᠭᠤᠴᠢ ᠰᠠᠶᠢᠨ ᠲᠤᠷ᠎ᠠ ᠶᠢᠨ ᠦᠢᠯᠡᠴᠢᠯᠡᠭᠡᠨ ᠤ ᠠᠩᠬᠢ ᠨᠤᠲᠤᠭ ᠤᠰᠤ ᠪᠠᠨ ᠨᠤᠭᠤᠭᠠᠷᠠᠭᠤᠯᠬᠤ ᠳᠤ ᠬᠦᠴᠦ ᠨᠡᠮᠡᠷᠢᠯᠡᠵᠦ ᠪᠠᠶᠢᠨ᠎ᠠ
ᠨᠡᠶᠢᠲᠡᠯᠡᠭᠰᠡᠨ ᠴᠠᠭ᠄
2024/4/22
              ᠦᠵᠡᠰᠭᠦᠯᠡᠩ ᠴᠤᠭᠳᠤ    4 ᠰᠠᠷ᠎ᠠ ᠶᠢᠨ 20 ᠤ ᠡᠳᠦᠷ᠂ ᠰᠢᠯᠤᠭᠤᠨ ᠬᠦᠭᠡ ᠬᠤᠰᠢᠭᠤᠨ ᠤ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠬᠤᠰᠢᠭᠤᠴᠢ ᠰᠠᠶᠢᠨ ᠲᠤᠷ᠎ᠠ ᠶᠢᠨ ᠦᠢᠯᠡᠴᠢᠯᠡᠭᠡᠨ ᠤ ᠠᠩᠬᠢ ᠶᠢᠨ ᠠᠷᠪᠠᠭᠠᠳ ᠬᠡᠰᠢᠬᠦᠨ ᠪᠤᠱᠤᠤᠳᠠᠢ ᠰᠤᠮᠤᠨ ᠤ ᠵᠠᠷᠤᠳ ᠭᠠᠴᠠᠭᠠᠨ ᠳᠤ ᠬᠦᠷᠴᠦ ᠡᠯᠡᠰᠦᠷᠭᠡᠭᠵᠢᠭᠰᠡᠨ ᠪᠡᠯᠴᠢᠭᠡᠷ ᠲᠤ ᠰᠢᠷ᠎ᠠ ᠪᠤᠷᠭᠠᠰᠤ ᠳᠠᠷᠢᠯ᠎ᠡ᠃    ᠤᠯᠠᠨ ᠢᠶᠠᠷ ᠢᠶᠠᠨ ᠪᠤᠷᠭᠠᠰᠤ ᠵᠦᠭᠡᠭᠡᠭᠦ᠂ ᠨᠦᠬᠡ ᠮᠠᠯᠳᠠᠬᠤ᠂ ᠪᠤᠷᠭᠠᠰᠤ ᠪᠠᠨ ᠳᠠᠷᠢᠵᠦ ᠪᠤᠯᠠᠬᠤ ᠵᠡᠷᠭᠡ ᠠᠵᠢᠯ  ᠤᠳ ᠢ ᠳᠡᠰ ᠳᠠᠷᠠᠭᠠᠯᠠᠯ ᠲᠠᠢ ᠱᠠᠯᠠᠪᠳᠠᠨ ᠬᠢᠵᠡᠭᠡᠵᠦ᠂ ᠤᠬᠤᠷᠬᠠᠨ ᠬᠠᠭᠠᠰ ᠡᠳᠦᠷ ᠤᠨ ᠳᠤᠳᠤᠷ᠎ᠠ ᠨᠡᠶᠢᠳᠡ 6000 ᠰᠢᠷᠭᠡᠭ ᠰᠢᠷ᠎ᠠ ᠪᠤᠷᠭᠠᠰᠤ ᠲᠠᠷᠢᠵᠦ᠂ ᠪᠤᠳᠠᠳᠤ ᠠᠵᠢᠯᠯᠠᠭ᠎ᠠ ᠪᠠᠷ ᠢᠶᠠᠨ ᠨᠤᠳᠤᠭ ᠤᠰᠤᠨ ᠤ ᠪᠠᠨ ᠨᠤᠭᠤᠷᠠᠭᠤᠯᠤᠯᠳᠠ  ᠳᠤ ᠬᠦᠴᠦᠨ ᠨᠡᠮᠡᠷᠢᠯᠡᠭᠰᠡᠨ ᠪᠠᠶᠢᠨ᠎ᠠ᠃    ᠰᠢᠯᠤᠭᠤᠨ ᠬᠦᠭᠡ ᠬᠤᠰᠢᠭᠤᠨ ᠤ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠬᠤᠰᠢᠭᠤᠴᠢ ᠰᠠᠶᠢᠨ ᠳᠤᠷ᠎ᠠ  ᠶᠢᠨ ᠦᠢᠯᠡᠴᠢᠯᠡᠭᠡᠨ ᠤ ᠠᠩᠬᠢ ᠶᠢᠨ ᠠᠬᠠᠯᠠᠭᠴᠢ ᠡᠷᠳᠡᠨᠢᠪᠢᠯᠢᠭ ᠬᠡᠯᠡᠬᠦ ᠳᠡᠭᠡᠨ᠄ ᠦᠨᠦᠳᠦᠷ ᠮᠠᠨ ᠤ ᠰᠠᠶᠢᠨ ᠳᠤᠷ᠎ᠠ  ᠶᠢᠨ ᠦᠢᠯᠡᠴᠢᠯᠡᠭᠡᠨ ᠤ ᠠᠩᠬᠢ ᠨᠢ ᠪᠤᠱᠤᠤᠳᠠᠢ ᠰᠤᠮᠤᠨ ᠤ ᠵᠠᠷᠤᠳ ᠭᠠᠴᠠᠭᠠᠨ ᠤ ᠡᠨᠡ ᠬᠡᠰᠡᠭ ᠡᠯᠡᠰᠦᠷᠭᠡᠭᠵᠢᠭᠰᠡᠨ ᠭᠠᠵᠠᠷ ᠲᠤ ᠢᠷᠡᠵᠦ ᠤᠶᠢᠵᠢᠭᠤᠯᠤᠯᠳᠠ ᠶᠢᠨ ᠠᠵᠢᠯᠯᠠᠭ᠎ᠠ ᠦᠷᠨᠢᠬᠦᠯᠦᠯ᠎ᠡ᠃ ᠡᠶᠢᠮᠦᠷᠬᠦ ᠠᠵᠢᠯᠯᠠᠭ᠎ᠠ ᠶᠢ ᠪᠢᠳᠡ ᠵᠢᠯ  ᠳᠤ ᠬᠤᠶᠠᠷ ᠤᠳᠠᠭ᠎ᠠ ᠶᠠᠪᠤᠭᠳᠠᠭᠤᠯᠳᠠᠭ᠃ ᠬᠤᠶᠠᠷ ᠭᠤᠷᠪᠠᠨ ᠵᠢᠯ ᠤᠨ ᠬᠤᠭᠤᠴᠠᠭᠠᠨ ᠳᠤ ᠡᠨᠡᠬᠦ ᠪᠡᠯᠴᠢᠭᠡᠷ ᠢ ᠡᠳᠡᠭᠡᠷᠡᠭᠦᠯᠦᠨ ᠰᠡᠷᠭᠦᠭᠡᠬᠦ ᠪᠠᠷ ᠲᠦᠯᠦᠪᠯᠡᠵᠦ ᠪᠠᠶᠢᠨ᠎ᠠ ᠭᠡᠯ᠎ᠡ᠃ᠲᠤᠰ ᠣᠳᠠᠭᠠᠨ ᠤ ᠠᠵᠢᠯᠯᠠᠭ᠎ᠠ ᠳᠤ ᠰᠢᠯᠤᠭᠤᠨ ᠬᠦᠭᠡ ᠬᠤᠰᠢᠭᠤᠨ ᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠲᠦᠴᠢᠭᠡᠳ ᠰᠤᠷᠤᠭᠴᠢ ᠪᠤᠯᠤᠨ ᠬᠡᠰᠡᠭ ᠪᠠᠭᠰᠢ᠂ ᠭᠡᠷ ᠤᠨ ᠠᠬᠠᠮᠠᠳ ᠪᠠᠰᠠ ᠢᠳᠡᠪᠬᠢᠯᠡᠨ ᠤᠷᠤᠯᠴᠠᠭᠰᠠᠨ ᠪᠠᠶᠢᠨ᠎ᠠ᠃    ᠰᠤᠷᠤᠭᠴᠢ ᠡᠩᠭᠡᠵᠤᠯᠠ ᠰᠤᠷᠪᠤᠯᠵᠢᠯᠠᠭ᠎ᠠ ᠬᠦᠯᠢᠶᠡᠬᠦ ᠳᠡᠭᠡᠨ᠄ ᠦᠨᠦᠳᠦᠷ ᠮᠠᠨ ᠤ ᠠᠩᠬᠢ ᠪᠠᠷ ᠢᠶᠠᠨ ᠵᠠᠷᠤᠳ ᠭᠠᠴᠠᠭᠠᠨ ᠳᠤ ᠢᠷᠡᠵᠦ ᠨᠤᠭᠤᠭᠠᠷᠠᠭᠤᠯᠤᠯᠳᠠ ᠶᠢᠨ ᠠᠵᠢᠯᠯᠠᠭ᠎ᠠ ᠳᠤ ᠤᠷᠤᠯᠴᠠᠯ᠎ᠠ᠃ ᠪᠦᠬᠦ ᠠᠩᠬᠢ ᠪᠠᠷ ᠢᠶᠠᠨ ᠪᠦᠯᠬᠦᠮᠳᠡᠯ ᠲᠠᠢ ᠠᠵᠢᠯᠯᠠᠵᠤ᠂ ᠶᠡᠭᠡ ᠭᠤᠶᠤ ᠰᠠᠨᠠᠭᠳᠠᠯ᠎ᠠ᠃ ᠪᠤᠷᠤᠭᠠᠨ ᠤ ᠳᠠᠷᠠᠭ᠎ᠠ ᠳᠡᠭᠷᠢ ᠴᠡᠯᠮᠡᠭᠡᠳ ᠠᠭᠤᠷ ᠠᠮᠢᠰᠬᠤᠯ ᠳᠠᠭᠠᠯᠠᠮᠵᠢᠳᠠᠢ᠂ ᠨᠤᠲᠤᠭ ᠤᠨ ᠦᠵᠡᠮᠵᠢ ᠪᠠᠰᠠ ᠰᠠᠶᠢᠬᠠᠨ ᠪᠠᠶᠢᠨ᠎ᠠ᠃ ᠬᠤᠶᠢᠰᠢᠳᠠ ᠡᠶᠢᠮᠦᠷᠬᠦ ᠠᠵᠢᠯᠯᠠᠭ᠎ᠠ ᠳᠤ ᠢᠯᠡᠭᠦᠭᠡᠨ ᠤᠷᠤᠯᠴᠠᠶ᠎ᠠ ᠭᠡᠵᠦ ᠪᠤᠳᠤᠵᠤ ᠪᠠᠶᠢᠨ᠎ᠠ ᠭᠡᠯ᠎ᠡ᠃    ᠰᠢᠯᠤᠭᠤᠨ ᠬᠦᠭᠡ ᠬᠤᠰᠢᠭᠤᠨ ᠤ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠬᠤᠰᠢᠭᠤᠴᠢ ᠰᠠᠶᠢᠨ ᠳᠤᠷ᠎ᠠ  ᠶᠢᠨ ᠦᠢᠯᠡᠴᠢᠯᠡᠭᠡᠨ ᠤ ᠠᠩᠬᠢ ᠪᠤᠯ ᠤᠷᠴᠢᠨ ᠲᠤᠭᠤᠷᠢᠨ ᠢ ᠬᠠᠮᠠᠭᠠᠯᠠᠵᠤ ᠤᠶᠢᠵᠢᠭᠤᠯᠬᠤ᠂ ᠨᠡᠶᠢᠭᠡᠮ ᠤᠨ ᠲᠤᠷᠤᠢ ᠪᠠᠭᠤᠷᠠᠶᠢᠴᠤᠤᠯ ᠳᠤ ᠬᠠᠯᠠᠮᠵᠢ ᠬᠦᠷᠳᠡᠭᠡᠬᠦ᠂ ᠵᠦᠪ ᠦᠷᠳᠡᠭ ᠤᠨ ᠦᠵᠡᠯᠳᠡ ᠶᠢ ᠲᠦᠭᠡᠮᠡᠯᠵᠢᠬᠦᠯᠬᠦ ᠵᠡᠷᠭᠡ ᠠᠵᠢᠯᠯᠠᠭ᠎ᠠ ᠶᠢ ᠦᠷᠨᠢᠬᠦᠯᠳᠡᠭ ᠬᠠᠯᠠᠭᠤᠨ ᠰᠡᠳᠬᠢᠯᠳᠦ ᠬᠦᠮᠦᠰ ᠢᠶᠠᠷ ᠪᠦᠷᠢᠯᠳᠦᠭᠰᠡᠨ ᠬᠤᠯᠪᠤᠭ᠎ᠠ ᠪᠤᠯᠤᠨ᠎ᠠ᠃ 2015 ᠤᠨ ᠳᠤ ᠠᠩᠬ᠎ᠠ ᠪᠠᠶᠢᠭᠤᠯᠤᠭᠳᠠᠵᠤ᠂ ᠤᠳᠤ ᠪᠤᠯᠬᠤ ᠳᠤ ᠲᠠᠪᠢᠭᠠᠳ ᠬᠡᠰᠢᠬᠦᠨ ᠲᠠᠢ ᠪᠤᠯᠵᠤ ᠦᠷᠭᠡᠵᠢᠨ᠂ ᠡᠯ᠎ᠡ ᠵᠦᠢᠯ ᠤᠨ ᠪᠤᠶᠠᠨᠰᠠᠭ ᠠᠵᠢᠯᠯᠠᠭ᠎ᠠ ᠳᠤ ᠢᠳᠡᠪᠬᠢᠯᠡᠨ ᠤᠷᠤᠯᠴᠠᠳᠠᠭ ᠢᠶᠠᠷ ᠢᠶᠠᠨ ᠤᠯᠠᠨ ᠲᠦᠮᠡᠨ ᠤ ᠨᠡᠶᠢᠭᠡᠮ  ᠤᠨ ᠡᠯ᠎ᠡ ᠡᠳᠡᠭᠡᠳ ᠤᠨ ᠬᠠᠯᠠᠭᠤᠨ ᠬᠦᠷᠢᠶᠠᠯᠠᠯ ᠢ ᠤᠯᠤᠭᠰᠠᠨ ᠪᠠᠶᠢᠨ᠎ᠠ᠃ ᠤᠨᠴᠠᠭᠠᠶᠢᠯᠠᠨ ᠤᠯᠠᠨ ᠤᠳᠠᠭᠠᠨ ᠤ ᠨᠤᠭᠤᠭᠠᠷᠠᠭᠤᠯᠤᠯᠳᠠ ᠶᠢᠨ ᠠᠵᠢᠯᠯᠠᠭ᠎ᠠ ᠶᠢ ᠵᠤᠬᠢᠶᠠᠨ ᠪᠠᠶᠢᠭᠤᠯᠤᠨ ᠶᠠᠪᠤᠭᠳᠠᠭᠤᠯᠵᠤ᠂ ᠪᠤᠳᠠᠳᠤ ᠠᠵᠢᠯᠯᠠᠭ᠎ᠠ ᠪᠠᠷ  ᠢᠶᠠᠨ ᠬᠦᠮᠦᠰ ᠢ ᠡᠬᠡ ᠪᠠᠶᠢᠭᠠᠯᠢ ᠠᠮᠢᠳᠠᠨ ᠤᠷᠭᠤᠮᠠᠯ ᠢ ᠬᠠᠶᠢᠷᠠᠯᠠᠨ᠂ ᠰᠠᠶᠢᠨ ᠰᠠᠶᠢᠬᠠᠨ ᠢ ᠳᠡᠯᠭᠡᠷᠡᠭᠦᠯᠦᠨ ᠲᠦᠭᠡᠮᠡᠯᠵᠢᠬᠦᠯᠬᠦ ᠶᠢ ᠤᠷᠢᠶᠠᠯᠠᠨ ᠰᠤᠷᠳᠠᠯᠴᠢᠯᠠᠵᠤ ᠪᠤᠢ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号