ᠢᠩᠲᠣᠣᠷ ᠲᠠᠷᠢᠵᠦ ᠣᠷᠣᠯᠭ᠎ᠠ ᠪᠠᠨ ᠨᠡᠮᠡᠭᠳᠡᠬᠦᠯᠦᠨ᠎ᠡ
ᠨᠡᠶᠢᠲᠡᠯᠡᠭᠰᠡᠨ ᠴᠠᠭ᠄
2024/4/24
                        ᠰᠢᠯᠤᠭᠤᠨ ᠬᠥᠬᠡ ᠬᠤᠰᠢᠭᠤᠨ ᠤ ᠬᠠᠪᠢᠷᠭ᠎ᠠ ᠪᠠᠯᠭᠠᠰᠤᠨ ᠤ ᠴᠤᠤ ᠶᠠᠩ ᠲᠣᠰᠬᠤᠨ ᠤ ᠤᠨᠴᠠᠯᠢᠬᠳᠤ ᠲᠠᠷᠢᠶᠠᠯᠠᠩ ᠤᠨ ᠪᠦᠲᠦᠭᠡᠭᠳᠡᠬᠦᠨ ᠲᠠᠷᠢᠬᠤ ᠰᠠᠭᠤᠷᠢᠨ ᠳᠤ᠂ ᠵᠢᠭᠳᠡᠷᠡᠭᠦᠯᠦᠨ ᠲᠠᠷᠢᠭᠰᠠᠨ ᠢᠩᠲᠣᠣᠷ ᠤᠨ ᠮᠤᠳᠤᠨ ᠤ ᠰᠠᠯᠠᠭ᠎ᠠ ᠨᠠᠮᠠᠭ᠎ᠠ ᠨᠢ ᠢᠠᠠᠴᠣ ᠰᠠᠬᠤᠯᠢᠭ ᠤᠷᠭᠤᠵᠤ᠂ ᠠᠮᠳᠠᠳᠤ ᠵᠢᠮᠢᠰ ᠠᠷᠠᠭᠠᠨ ᠤ ᠰᠢᠯᠦᠰᠦ ᠶᠢ  ᠬᠤᠷᠠᠭᠤᠯᠤᠨ᠎ᠠ᠃      ᠲᠠᠷᠢᠶᠠᠴᠢᠨ ᠱᠠᠨ ᠶᠢᠨ ᠳ᠋ᠦᠩ ᠪᠣᠯ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠲᠠᠷᠢᠬᠤ ᠮᠡᠷᠭᠡᠵᠢᠯ ᠢᠶᠠᠷ  ᠢᠶᠠᠨ ᠤᠯᠠᠨ ᠳᠤ ᠲᠠᠨᠢᠬᠳᠠᠭᠰᠠᠨ ᠴᠢᠳᠠᠪᠤᠷᠢᠲᠠᠨ᠂ ᠮᠥᠨ ᠴᠦ ᠴᠤᠤ ᠶᠠᠩ ᠲᠣᠰᠬᠤᠨ ᠤ ᠠᠩᠬᠠᠳᠠᠬᠴᠢ ᠢᠩᠲᠣᠣᠷ ᠲᠠᠷᠢᠬᠰᠡᠨ ᠡᠷᠦᠬᠡ ᠪᠣᠯᠤᠨ᠎ᠠ᠃ ᠲᠡᠷᠡ ᠣᠯᠠᠨ ᠤᠳᠠᠭ᠎ᠠ ᠭᠠᠳᠠᠭᠰᠢ ᠭᠠᠷᠴᠤ ᠢᠩᠲᠣᠣᠷ ᠳᠠᠷᠢᠬᠤ ᠮᠡᠷᠭᠡᠵᠢᠯ᠂ ᠵᠠᠬ᠎ᠠ ᠳᠡᠯᠭᠡᠭᠦᠷ ᠤᠨ ᠪᠣᠷᠣᠯᠠᠭᠤᠯᠭ᠎ᠠ ᠵᠡᠷᠭᠡ ᠲᠡᠷᠢᠭᠦᠨ ᠤ ᠲᠤᠷᠰᠢᠯᠭ᠎ᠠ ᠶᠢ ᠰᠤᠷᠤᠯᠴᠠᠵᠤ᠂ ᠡᠴᠦᠰ ᠲᠡᠭᠡᠨ ᠲᠤᠬᠠᠢ ᠶᠢᠨ ᠭᠠᠵᠠᠷ ᠤᠨ ᠬᠥᠭᠵᠢᠯᠲᠡ ᠳᠤ ᠵᠣᠬᠢᠴᠠᠭᠰᠠᠨ ᠠᠮᠲᠠᠲᠤ ᠢᠩᠲᠣᠣᠷ ᠤᠨ ᠮᠣᠳᠣ ᠶᠢ ᠣᠷᠣᠭᠤᠯᠤᠨ ᠠᠪᠴᠢᠷᠠᠵᠤ᠂ ᠬᠤᠶᠠᠷ ᠵᠢᠯ ᠤᠨ ᠨᠠᠷᠢᠯᠢᠭ ᠠᠷᠠᠴᠢᠯᠠᠭ᠎ᠠ ᠪᠠᠷ ᠳᠡᠮᠵᠢᠨ ᠴᠢᠬᠢ ᠮᠣᠳᠣ ᠨᠢ ᠡᠨᠡ ᠬᠠᠪᠤᠷ ᠪᠦᠬᠦᠨ ᠢᠶᠠᠷ ᠢᠶᠠᠨ ᠵᠢᠮᠢᠰ ᠰᠠᠭᠤᠵᠤ᠂ ᠥᠪᠡᠷᠮᠢᠴᠡ ᠣᠨᠴᠠᠯᠢᠭ ᠲᠠᠢ ᠲᠠᠷᠢᠮᠠᠯ ᠢ ᠳᠠᠷᠢᠵᠤ ᠤᠷᠭᠤᠭᠤᠯᠬᠤ ᠳᠤ ᠰᠢᠨ᠎ᠡ ᠵᠠᠮ ᠨᠡᠭᠡᠭᠡᠵᠦ ᠥᠭᠭᠦᠭᠰᠡᠨ ᠪᠠᠶᠢᠨ᠎ᠠ᠃      ᠤᠳᠤ ᠲᠡᠷᠡ ᠬᠠᠪᠢᠷᠭ᠎ᠠ ᠪᠠᠯᠭᠠᠰᠤᠨ ᠤ ᠴᠤᠤ ᠶᠠᠩ ᠲᠣᠰᠬᠤᠨ ᠤ 9 ᠲᠤᠮᠤ ᠬᠦᠯᠡᠮᠵᠢ ᠶᠢ ᠳᠠᠭᠠᠭᠠᠴᠢᠯᠠᠵᠤ᠂ 5 ᠬᠥᠯᠡᠮᠵᠢ ᠳᠤᠨᠢ ᠨᠡᠶᠢᠲᠡ 500 ᠰᠠᠭᠤᠷᠢ ᠢᠩᠲᠣᠣᠷ ᠲᠠᠷᠢᠵᠦ᠂ 2 ᠬᠥᠯᠡᠮᠵᠢ ᠳᠤᠨᠢ ᠨᠡᠶᠢᠲᠡ 580 ᠰᠠᠭᠤᠷᠢ ᠲᠥᠪᠡᠳ ᠬᠠᠰᠢ ᠲᠠᠷᠢᠨ᠂ ᠵᠢᠱᠢᠯᠲᠡ ᠪᠠᠷ ᠲᠠᠪᠤᠨ ᠰᠠᠷ᠎ᠠ ᠶᠢᠨ ᠰᠡᠭᠦᠯᠴᠢ ᠪᠠᠷ ᠵᠢᠮᠢᠰ ᠰᠠᠭᠤᠬᠤ ᠪᠤᠯᠤᠨ᠎ᠠ᠃ ᠡᠬᠦᠨ  ᠤ ᠬᠠᠮᠲᠤ ᠥᠷᠭᠡᠰᠦᠲᠦ ᠬᠡᠮᠬᠡ᠂ ᠭᠦᠵᠡᠯᠵᠡᠭᠡᠨ᠎ᠡ ᠲᠤᠰ ᠪᠦᠷᠢ 1 ᠬᠥᠯᠡᠮᠵᠢ ᠲᠠᠷᠢᠵᠦ᠂ ᠥᠷᠭᠡᠰᠦᠲᠦ ᠬᠡᠮᠬᠡ ᠪᠠᠨ 6 ᠰᠠᠷ᠎ᠠ ᠶᠢᠨ ᠡᠬᠢ ᠪᠠᠷ ᠵᠠᠬ᠎ᠠ ᠳᠡᠯᠭᠡᠭᠦᠷ ᠲᠤ ᠭᠠᠷᠭᠠᠬᠤ ᠪᠠᠷ ᠪᠤᠢ᠃
微信图片_20240424113208.jpg
微信图片_20240424113239.jpg
微信图片_20240424113234.jpg
微信图片_20240424113243.jpg
微信图片_20240424113249.jpg
微信图片_20240424113255.jpg
      ᠲᠠᠷᠢᠶᠠᠴᠢᠨ ᠱᠠᠨ ᠶᠢᠨ ᠳ᠋ᠦᠩ ᠬᠡᠯᠡᠬᠦ ᠳᠡᠭᠡᠨ᠄ ︽ᠨᠢᠳᠤᠨᠤᠨ ᠤ ᠭᠤᠷᠪᠠᠳᠤᠭᠠᠷ ᠰᠠᠷ᠎ᠠ ᠳᠤ 100 ᠭᠠᠷᠤᠶ ᠲᠦᠮᠡᠨ ᠲᠥᠭᠦᠷᠢᠭ ᠤᠨ ᠪᠡᠯᠡ ᠤᠷᠤᠭᠤᠯᠤᠨ 400 ᠭᠠᠷᠤᠶ ᠰᠠᠭᠤᠷᠢ ᠢᠩᠲᠣᠣᠷ ᠤᠨ ᠮᠣᠳᠣ ᠤᠷᠤᠭᠤᠯᠵᠤ᠂ ᠳᠤᠯᠠᠭᠠᠨ ᠤ ᠬᠡᠮᠵᠢᠶ᠎ᠡ ᠪᠠ ᠴᠢᠭᠢᠭ ᠤᠨ ᠬᠡᠮᠵᠢᠶ᠎ᠡ ᠶᠢ ᠲᠤᠬᠢᠷᠠᠭᠤᠯᠤᠨ ᠨᠢᠮᠪᠠᠢ ᠠᠷᠠᠴᠢᠯᠠᠭᠰᠠᠨ ᠢᠶᠠᠷ ᠣᠲᠣ ᠨᠢᠭᠡᠨᠲᠡ ᠵᠢᠮᠢᠰ ᠰᠠᠭᠤᠬᠤ ᠪᠤᠯᠵᠠᠢ᠃ ᠡᠨᠡ ᠵᠢᠯ ᠪᠢᠳᠡ ᠪᠠᠰᠠ ᠬᠤᠶᠠᠷ ᠬᠥᠯᠡᠮᠵᠢ ᠠᠯᠮᠤᠷᠠᠳ ᠤᠨ ᠱᠠᠪᠲᠠᠯ᠎ᠠ ᠪᠣᠯᠤᠨ ᠭᠦᠵᠡᠯᠵᠡᠭᠡᠨ᠎ᠡ ᠶᠢᠨ ᠱᠠᠪᠲᠠᠯ᠎ᠠ ᠲᠠᠷᠢᠭᠰᠠᠨ᠂ ᠪᠠᠷᠤᠭ 5 ᠰᠠᠷ᠎ᠠ ᠶᠢᠨ ᠬᠤᠷᠢᠳ ᠢᠶᠠᠷ ᠵᠠᠬ᠎ᠠ ᠳᠡᠯᠭᠡᠭᠦᠷ ᠲᠤ ᠭᠠᠷᠭᠠᠨ᠎ᠠ ︾ ᠬᠡᠯ᠎ᠡ᠃     ᠢᠩᠲᠣᠣᠷ ᠤᠨ ᠤᠷᠭᠤᠯᠲᠠ ᠳᠤ ᠲᠤᠬᠢᠷᠠᠭᠤᠯᠤᠨ ᠬᠦᠯᠡᠮᠵᠢ ᠶᠢᠨ ᠠᠭᠤᠷ ᠠᠮᠢᠰᠬᠤᠯ ᠢ ᠲᠤᠬᠢᠷᠠᠭᠤᠯᠵᠤ᠂  ᠳᠤᠯᠠᠭᠠᠨ ᠤ ᠬᠡᠮᠵᠢᠶ᠎ᠡ᠂ ᠴᠢᠭᠢᠭ ᠤᠨ ᠬᠡᠮᠵᠢᠶ᠎ᠡ᠂ ᠬᠡᠷᠡᠯ ᠤᠨ ᠲᠤᠰᠤᠯᠲᠠ ᠵᠡᠷᠭᠡ ᠨᠥᠬᠦᠴᠡᠯ ᠢ ᠨᠢᠮᠪᠠᠢ ᠲᠤᠬᠢᠷᠠᠭᠤᠯᠬᠤ ᠶᠢᠨ ᠬᠠᠮᠳᠣ᠂ ᠰᠢᠯᠢᠳᠡᠭ ᠡᠭᠦᠯᠳᠡᠷ ᠢ ᠰᠣᠩᠭᠤᠨ᠂ ᠴᠢᠨᠠᠷ ᠰᠠᠶᠢᠲᠠᠶ ᠣᠷᠭᠠᠨᠢᠭ ᠪᠣᠷᠲᠣᠭᠤᠷ ᠢ ᠰᠢᠨᠵᠢᠯᠡᠬᠦ ᠤᠬᠠᠭᠠᠨᠴᠢ ᠪᠠᠷ ᠬᠡᠷᠡᠭᠯᠡᠳᠡᠭ ᠪᠣᠯᠬᠤᠷ ᠲᠠᠷᠢᠬᠰᠡᠨ ᠢᠩᠲᠣᠣᠷ ᠤᠨ ᠴᠢᠨᠠᠷ ᠰᠢᠯᠢᠳᠡᠭ᠂ ᠠᠮᠲᠠ ᠰᠠᠶᠢᠲᠠᠶ ᠪᠠᠶᠢᠵᠦ ᠵᠠᠬ᠎ᠠ ᠳᠡᠯᠭᠡᠭᠦᠷ ᠤᠨ ᠬᠦᠷᠢᠶᠡᠯᠡᠯ ᠢ ᠤᠯᠤᠨ᠂ ᠠᠵᠤ ᠠᠬᠤᠶ ᠶᠢᠨ ᠦᠷ᠎ᠡ ᠠᠰᠢᠭ ᠢᠶᠠᠷ ᠦᠨᠳᠦᠷ ᠪᠠᠶᠢᠳᠠᠭ᠃ ᠢᠩᠲᠣᠣᠷ ᠪᠣᠯᠪᠠᠰᠤᠷᠠᠬᠤ ᠪᠦᠷᠢ ᠠᠳᠡᠬᠢ ᠨᠢ ᠵᠢᠮᠢᠰ ᠲᠡᠭᠦᠬᠦ ᠣᠷᠭᠢᠯ ᠬᠤᠭᠤᠴᠠᠭᠠᠨ ᠳᠤ ᠬᠦᠷᠴᠦ᠂ ᠮᠠᠰᠢ ᠤᠯᠠᠨ ᠬᠦᠮᠦᠰ ᠠᠳᠡ ᠢᠷᠡᠵᠦ ᠰᠣᠷᠭᠤᠭ ᠵᠢᠮᠢᠰ ᠠᠮᠲᠠᠯᠠᠳᠠᠭ ᠪᠠᠶᠢᠨ᠎ᠠ᠃
微信图片_20240424113304.jpg
微信图片_20240424113259.jpg
微信图片_20240424113308.jpg
微信图片_20240424113318.jpg
微信图片_20240424113313.jpg
微信图片_20240424113322.jpg
      ᠰᠢᠯᠤᠭᠤᠨ ᠬᠦᠬᠡ ᠬᠤᠰᠢᠭᠤᠨ ᠤ ᠬᠠᠪᠢᠷᠭ᠎ᠠ ᠪᠠᠯᠭᠠᠰᠤᠨ ᠤ ᠴᠤᠤ ᠶᠠᠩ ᠲᠣᠰᠬᠤᠨ ᠤ ᠱᠦᠵᠢ ᠯᠦᠸᠧ ᡁᠢ ᠰᠢᠶᠠᠩ ᠬᠡᠯᠡᠬᠦ ᠳᠡᠭᠡᠨ᠄ ︽ᠤᠢᠢᠷ᠎ᠠ ᠶᠢᠨ ᠵᠢᠯ ᠮᠠᠨ ᠤ ᠲᠣᠰᠬᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠲᠠᠢ ᠤᠶᠠᠯᠳᠤᠭᠤᠯᠵᠤ᠂ ᠠᠵᠤ ᠦᠢᠯᠡᠰ ᠤᠨ ᠬᠥᠭᠵᠢᠯᠲᠡ ᠶᠢᠨ ᠲᠠᠯ᠎ᠠ ᠪᠠᠷ ᠤᠨᠴᠠᠯᠢᠬᠳᠤ ᠲᠠᠷᠢᠶᠠᠯᠠᠩ ᠤᠨ ᠪᠦᠲᠦᠭᠡᠭᠳᠡᠬᠦᠨ ᠲᠠᠷᠢᠬᠤ ᠰᠠᠭᠤᠷᠢᠨ ᠢ ᠪᠠᠶᠢᠭᠤᠯᠵᠤ᠂ ᠨᠢᠳᠤᠨᠤᠨ ᠪᠠᠰᠠ 400 ᠰᠠᠭᠤᠷᠢ ᠢᠩᠲᠣᠣᠷ ᠤᠨ ᠮᠣᠳᠣ ᠶᠢ ᠣᠷᠣᠭᠤᠯᠤᠨ ᠠᠪᠴᠢᠷᠠᠵᠤ᠂ ᠤᠳᠤ ᠨᠢᠭᠡᠨᠲᠡ ᠵᠢᠮᠢᠰᠯᠡᠬᠦ ᠬᠤᠭᠤᠴᠠᠭᠠᠨ ᠳᠤ ᠣᠷᠣᠵᠤ᠂ ᠤᠷᠭᠤᠴᠠ ᠨᠡᠯᠢᠶᠡᠳ ᠰᠠᠶᠢᠨ ᠪᠠᠶᠢᠨ᠎ᠠ᠃ ᠬᠤᠶᠢᠰᠢᠳᠠ ᠶᠢᠨ ᠬᠥᠭᠵᠢᠯᠲᠡ ᠶᠢᠨ ᠳᠤᠮᠳᠠ ᠪᠢᠳᠡ ᠨᠠᠮ ᠤᠨ ᠪᠠᠶᠢᠭᠤᠯᠤᠯᠲᠠ ᠪᠠᠷ ᠤᠳᠤᠷᠢᠳᠤᠮᠵᠢ ᠪᠣᠯᠭᠠᠵᠤ᠂ ︿ᠬᠤᠷᠰᠢᠶᠠᠵᠢᠯ + ᠲᠠᠷᠢᠶᠠᠴᠢᠨ ᠡᠷᠦᠬᠡ﹀ ᠶᠢᠨ ᠬᠡᠪ ᠵᠠᠭᠪᠤᠷ ᠲᠠᠢ ᠤᠶᠠᠯᠳᠤᠭᠤᠯᠤᠨ᠂〈 ᠨᠤᠲᠤᠭ ᠤᠨ ᠣᠨᠴᠠ ᠭᠠᠷᠤᠯᠲᠠ 〉ᠭᠡᠬᠦ ᠡᠨᠡ ᠬᠦ ᠠᠵᠢᠯ ᠢ ᠰᠠᠶᠢᠲᠤᠷ ᠬᠢᠵᠦ᠂ ᠲᠠᠷᠢᠶᠠᠯᠠᠩ  ᠤᠨ ᠪᠦᠲᠦᠭᠡᠭᠳᠡᠬᠦᠨ ᠢ ᠲᠠᠷᠢᠬᠤ ᠲᠠᠯ᠎ᠠ ᠪᠠᠷ ᠪᠠᠰᠠ ᠨᠢᠭᠡ ᠪᠦᠯᠦᠭ ᠲᠦᠷᠦᠯ ᠵᠦᠢᠯ ᠢ ᠨᠡᠮᠡᠭᠳᠡᠭᠦᠯᠵᠦ᠂ ᠲᠠᠷᠢᠶᠠᠴᠢᠨ ᠡᠷᠦᠬᠡ ᠶᠢ ᠲᠠᠶᠢᠴᠢᠯᠠᠨ ᠤᠨᠴᠠᠯᠢᠬᠳᠤ ᠲᠠᠷᠢᠶᠠᠯᠠᠩ ᠤᠨ ᠪᠦᠲᠦᠭᠡᠭᠳᠡᠬᠦᠨ ᠢ ᠲᠠᠷᠢᠵᠥ᠂ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠨ᠎ᠡ︾ ᠬᠡᠯ᠎ᠡ᠃      ᠣᠶᠢᠷ᠎ᠠ ᠶᠢᠨ ᠵᠢᠯ᠂ ᠰᠢᠯᠤᠭᠤᠨ ᠬᠥᠬᠡ ᠬᠤᠰᠢᠭᠤᠨ ᠤ ᠬᠠᠪᠢᠷᠭ᠎ᠠ ᠪᠠᠯᠭᠠᠰᠤᠨ ᠤ ᠴᠤᠤ ᠶᠠᠩ ᠲᠣᠰᠬᠤᠨ  ︽ᠠᠵᠤ ᠦᠶᠯᠡᠰ ᠢᠶᠠᠷ ᠠᠷᠠᠳ ᠢ ᠪᠠᠶᠠᠵᠢᠭᠤᠯᠬᠤ︾ ᠶᠢ ᠲᠣᠰᠬᠤᠨ ᠤ ᠬᠠᠮᠲᠤ ᠶᠢᠨ ᠠᠵᠤ ᠠᠬᠤᠶ ᠶᠢ ᠬᠥᠭᠵᠢᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠴᠢᠬᠤᠯᠠ ᠭᠠᠷᠳᠠᠴᠠ ᠪᠣᠯᠭᠠᠵᠤ᠂ ᠰᠠᠭᠤᠷᠢᠨ ᠭᠠᠵᠠᠷ + ᠲᠠᠷᠢᠶᠠᠴᠢᠨ ᠡᠷᠦᠬᠡ ᠶᠢᠨ ᠵᠠᠭᠪᠤᠷ ᠢᠶᠠᠷ ᠳᠠᠮᠵᠢᠭᠤᠯᠤᠨ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠲᠥᠪᠡᠳ ᠬᠠᠰᠢ᠂ ᠥᠷᠭᠡᠰᠦᠲᠦ ᠬᠡᠮᠬᠡ᠂ ᠢᠩᠲᠣᠣᠷ ᠵᠡᠷᠭᠡ ᠣᠯᠠᠨ ᠵᠦᠶᠯ ᠤᠨ ᠤᠨᠴᠠᠯᠢᠬᠳᠤ ᠲᠠᠷᠢᠮᠠᠯ ᠢ ᠲᠠᠷᠢᠵᠦ᠂ ᠴᠤᠤ ᠶᠠᠩ ᠲᠣᠰᠬᠤᠨ ᠤ ᠤᠨᠴᠠᠯᠢᠬᠳᠤ ᠠᠵᠤ ᠦᠢᠯᠡᠰ ᠢ ᠬᠦᠭᠵᠢᠬᠦᠯᠦᠨ᠂ ᠬᠥᠷᠣᠰᠣ ᠰᠢᠷᠣᠢ  ᠶᠢᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠦᠨ᠂  ᠠᠷᠠᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠣᠬᠰᠡᠨ ᠢᠶᠠᠷ ᠪᠠᠷᠠᠬᠤ ᠦᠬᠡᠢ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ᠬᠤᠷᠳᠤᠴᠠ ︾  ᠶᠢ ᠲᠦᠷᠭᠡᠳᠭᠡᠭᠰᠡᠨ ᠪᠠᠶᠢᠨ᠎ᠠ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号