ᠰᠢᠯᠤᠭᠤᠨ ᠬᠥᠬᠡ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠭᠢ ᠵᠢᠴᠢ  ᠣᠨᠣᠯ ᠰᠤᠷᠤᠯᠴᠠᠬᠤ  ᠭᠤᠣᠯ ᠲᠤᠭᠤᠶᠢᠯᠠᠩ ᠤᠨ 2024 ᠣᠨ ᠤ  ᠲᠦᠷᠪᠡᠳᠦᠬᠡᠷ ᠣᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠡᠷᠭᠢᠯᠡᠪᠡ
ᠨᠡᠶᠢᠲᠡᠯᠡᠭᠰᠡᠨ ᠴᠠᠭ᠄
2024/4/25
      4 ᠳ᠋ᠦ᠋ᠭᠡᠷ ᠰᠠᠷ᠎ᠠ ᠶᠢᠨ 23᠎ ᠤ ᠡᠳᠦᠷ ᠠᠴᠠ 24᠎ ᠤ ᠡᠳᠦᠷ ᠪᠣᠯᠲᠠᠯ᠎ᠠ᠂ ᠰᠢᠯᠤᠭᠤᠨ ᠬᠥᠬᠡ ᠬᠤᠰᠢᠭᠤᠨ ᠤ ᠨᠠᠮ ᠎ ᠤᠨ ᠬᠤᠷᠢᠶᠠᠨ ᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠭᠢ ᠵᠢᠴᠢ  ᠣᠨᠣᠯ ᠰᠤᠷᠤᠯᠴᠠᠬᠤ  ᠭᠤᠣᠯ ᠲᠤᠭᠤᠶᠢᠯᠠᠩ ᠤᠨ 2024 ᠣᠨ ᠤ  ᠲᠦᠷᠪᠡᠳᠦᠬᠡᠷ ᠣᠳᠠᠭ᠎ᠠ ᠶᠢᠨ ᠬᠠᠮᠲᠤ ᠶᠢᠨ ᠰᠤᠷᠤᠯᠴᠠᠯᠭ᠎ᠠ‌ᠡᠷᠭᠢᠯᠡᠵᠦ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠬᠠᠶ ᠴᠢᠬᠤᠯᠠ ᠶᠠᠷᠢᠶ᠎ᠠ ᠪᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ  ᠲᠣᠭᠤᠰᠢᠯᠠᠭᠤᠯᠵᠦ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ  ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠥᠠᠭᠡᠯ ᠥᠭᠬᠦ ᠲᠦᠷᠢᠮ︾᠎ ᠢ ᠨᠠᠷᠢᠨ ᠬᠢᠨᠠᠮᠠᠭᠠᠶ ᠰᠤᠷᠤᠯᠴᠠᠨ ᠣᠶᠢᠯᠠᠭᠠᠵᠤ᠂ ᠬᠤᠰᠢᠭᠤ ᠲᠠᠰ ᠤᠨ ᠨᠠᠮ ᠤᠨ ᠭᠡᠰᠢᠭᠦᠨ ᠤᠳᠤᠷᠢᠳᠬᠤ ᠺᠠᠳ᠋ᠷ  ᠤᠷᠢᠳᠠᠪᠠᠷ ᠰᠤᠷᠤᠯᠴᠠᠵᠤ ᠤᠷᠢᠳᠠᠪᠠᠷ ᠬᠡᠷᠡᠭᠵᠢᠭᠦᠯᠦᠨ᠂ ᠪᠥᠬᠦ ᠬᠤᠰᠢᠭᠤᠨ ᠤ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠤᠨ ᠰᠠᠬᠢᠯᠭ᠎ᠠ ᠪᠠᠲᠤ ᠰᠤᠷᠤᠯᠴᠠᠬᠤ᠂ ᠰᠠᠬᠢᠯᠭ᠎ᠠ ᠪᠠᠲᠤ ᠮᠡᠳᠡᠬᠦ᠂ ᠰᠠᠬᠢᠯᠭ᠎ᠠ ᠪᠠᠲᠤ ᠰᠠᠬᠢᠬᠤ ᠶᠢ ᠵᠢᠱᠢᠶ᠎ᠡ ᠦᠵᠡᠭᠦᠯᠦᠨ ᠲᠠᠶᠢᠴᠢᠯᠠᠬᠤ ᠭᠡᠷᠡᠭᠲᠢ ᠭᠡᠯ᠎ᠡ᠃  ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂  ᠬᠤᠰᠢᠭᠤ ᠳᠠᠷᠤᠭ᠎ᠠ ᠯᠢᠦ ᠰᠢᠶᠣᠤ ᠮᠢᠨ ᠬᠤᠷᠠᠯ ᠢ ᠡᠷᠬᠢᠯᠡᠪᠡ᠃   ᠬᠤᠰᠢᠭᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ  ᠲᠤᠭᠤᠶᠢᠯᠠᠩ ᠤᠨ ᠪᠦᠷᠢᠯᠳᠦᠬᠦᠨ ᠨᠣᠮ ᠤᠩᠰᠢᠬᠤ ᠠᠩᠭᠢ ᠳᠤ  ᠣᠷᠣᠯᠴᠠᠨ᠂ ᠪᠥᠬᠦ ᠬᠤᠰᠢᠭᠤᠨ ᠤ ᠰᠠᠯᠠᠭᠠᠨ ᠲᠠᠰ ᠠᠴᠠ ᠳᠡᠭᠡᠭᠰᠢᠬᠢ ᠤᠳᠤᠷᠢᠳᠬᠤ ᠺᠠᠳ᠋ᠷ  ᠣᠷᠣᠯᠴᠠᠵᠠᠢ᠃   ᠲᠤᠰ ᠪᠤᠯᠪᠠᠰᠤᠷᠠᠯ ᠨᠢ ︽ᠲᠤᠰᠬᠠᠶ ᠰᠡᠳᠦᠪ ᠢᠶᠠᠷ ᠬᠠᠪᠰᠤᠷᠤᠨ ᠵᠢᠯᠣᠭᠤᠳᠬᠤ + ᠲᠥᠪᠯᠡᠷᠡᠭᠦᠯᠦᠨ ᠰᠤᠷᠤᠯᠴᠠᠬᠤ + ᠰᠣᠯᠢᠯᠴᠠᠵᠤ ᠰᠤᠳᠤᠯᠤᠨ ᠶᠠᠷᠢᠯᠴᠠᠬᠤ ︾ ᠠᠷᠭ᠎ᠠ ᠮᠠᠶ᠋ᠢᠭ ᠢᠶᠠᠷ  ᠶᠠᠪᠤᠠᠠᠳᠠᠵᠦ᠂ ᠬᠤᠰᠢᠭᠤ ᠨᠠᠮ ᠤᠨ ᠬᠤᠷᠢᠶᠠᠨ ᠎ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠎ ᠤᠨ ᠡᠷᠬᠢᠯᠡᠭᠴᠢ ᠯᠢ ᠳ᠋ᠦᠩ  ︽ᠰᠠᠬᠢᠯᠭ᠎ᠠ ᠪᠠᠲᠤ ᠶᠢᠨ  ᠰᠢᠢᠥᠠᠭᠡᠯ ᠥᠭᠬᠦ ᠲᠦᠷᠢᠮ ᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠨᠠᠮ ᠤᠨ ᠭᠡᠰᠢᠭᠦᠨ ᠺᠠᠳ᠋ᠷᠴᠤᠳ ᠤᠨ ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠦᠵᠡᠯ ᠰᠠᠨᠠᠭᠠᠨ ᠤ ᠤᠬᠠᠮᠰᠠᠷ ᠢ ᠪᠣᠶ ᠪᠣᠯᠭᠠᠬᠤ ᠶᠢ ᠠᠬᠢᠭᠤᠯᠬᠤ︾᠎ ᠶᠢᠨ ᠲᠣᠭᠤᠷᠢᠨ ᠳᠤ ᠲᠤᠰᠬᠠᠶ ᠰᠡᠳᠦᠪᠲᠦ ᠲᠠᠶᠢᠯᠤᠮᠵᠢ ᠬᠢᠵᠦ᠂ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠤᠨ ᠰᠢᠰᠲ᠋ᠧᠮ ᠤᠨ ᠪᠠᠶᠢᠭᠤᠯᠤᠯᠲᠠ ᠶᠢᠨ ᠶᠡᠷᠦᠩᠬᠡᠶ ᠲᠣᠶᠢᠮᠣ ᠪᠠᠶᠢᠳᠠᠯ᠂  ︽ᠨᠠᠮ ᠤᠨ ᠰᠠᠬᠢᠯᠭ᠎ᠠ ᠪᠠᠲᠤ ᠶᠢᠨ ᠰᠢᠶᠳᠬᠡᠯ ᠥᠭᠬᠦ ᠲᠦᠷᠢᠮ︾᠎ ᠳᠤ ᠵᠠᠰᠠᠪᠤᠷᠢ ᠣᠷᠣᠭᠤᠯᠤᠭᠰᠠᠨ ᠲᠡᠦᠬᠡᠨ ᠤᠯᠠᠷᠢᠯ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠲᠦᠷᠢᠮ︾᠎ ᠤᠨ ᠭᠤᠤᠯᠳᠠᠯᠭ᠎ᠠ ᠲᠠᠢ ᠠᠭᠤᠯᠭ᠎ᠠ ᠶᠢᠨ ᠲᠤᠬᠠᠶ ᠭᠦᠨᠵᠡᠭᠡᠶ ᠲᠠᠶᠢᠯᠤᠮᠵᠢ  ᠬᠢᠵᠠᠢ᠃     ᠭᠠᠵᠠᠷ ᠤᠨ ᠲᠡᠰ ᠤᠨ ᠤᠳᠤᠷᠢᠳᠤᠯᠭ᠎ᠠ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠥᠪᠡᠷ ᠤᠨ ᠪᠡᠶ᠎ᠡ ᠎ ᠳᠡᠭᠡᠨ ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠣᠶᠢᠯᠠᠭᠠᠬᠤ ᠶᠢᠨ ᠲᠣᠭᠤᠷᠢᠨ ᠳᠤ᠂ ᠨᠠᠮ ᠤᠨ ᠤᠯᠤᠰ ᠲᠦᠷᠦ ᠶᠢᠨ ᠰᠠᠬᠢᠯᠭ᠎ᠠ ᠪᠠᠲᠤ᠂ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ᠂ ᠠᠷᠢᠭᠤᠨ ᠴᠢᠬᠡᠴᠢ ᠶᠢᠨ ᠰᠠᠬᠢᠯᠭ᠎ᠠ ᠪᠠᠲᠤ᠂ ᠤᠯᠠᠨ ᠲᠦᠮᠡᠨ ᠤ ᠰᠠᠬᠢᠯᠭ᠎ᠠ ᠪᠠᠲᠤ᠂ ᠠᠵᠢᠯ ᠤᠨ ᠰᠠᠬᠢᠯᠭ᠎ᠠ ᠪᠠᠲᠤ᠂ ᠠᠮᠢᠳᠤᠷᠠᠯ ᠎ ᠤᠨ ᠰᠠᠬᠢᠯᠭ᠎ᠠ ᠪᠠᠲᠤ ᠵᠡᠷᠭᠡ ︽ᠵᠢᠷᠭᠤᠭᠠᠨ ᠵᠦᠢᠯ ᠤᠨ ᠰᠠᠬᠢᠯᠭ᠎ᠠ ᠪᠠᠲᠤ︾ ᠎ ᠶᠢ ᠴᠢᠩᠭ᠎ᠠ ᠡᠵᠡᠮᠳᠡᠵᠦ᠂ ᠲᠤᠰ ᠪᠡᠶ᠎ᠡ ᠎ ᠶᠢᠨ ᠦᠵᠡᠯ ᠰᠠᠨᠠᠭ᠎ᠠ ᠪᠣᠯᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠤᠰᠬᠠᠢ ᠰᠡᠳᠦᠪᠲᠦ  ᠶᠠᠷᠢᠯᠴᠠᠯᠭ᠎ᠠ ᠥᠷᠨᠢᠭᠦᠯᠪᠡ᠃    ᠪᠤᠯᠪᠠᠰᠤᠷᠠᠯ ᠠᠴᠠ ᠴᠢᠬᠤᠯᠠᠴᠢᠯᠬᠠᠰᠠᠨ ᠨᠢ᠂ ᠪᠦᠬᠦ ᠬᠤᠰᠢᠭᠤ ᠪᠠᠷ ᠢᠶᠠᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠤᠯᠤᠰ ᠲᠦᠷᠦ ᠶᠢᠨ ᠵᠣᠭᠰᠣᠴᠠ ᠎ ᠪᠠᠨ ᠳᠡᠭᠡᠭᠰᠢᠯᠡᠭᠦᠯᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ  ᠪᠠᠷᠢᠮᠳᠠᠯᠠᠨ᠂ ᠨᠠᠮ ᠤᠨ ᠭᠡᠰᠢᠭᠦᠨ ᠺᠠᠳ᠋ᠷ ᠎ ᠤᠨ ᠰᠠᠬᠢᠯᠭ᠎ᠠ ᠪᠠᠲᠤ ᠶᠢᠨ ᠦᠵᠡᠯᠲᠡ ᠴᠢᠩᠭ᠎ᠠ ᠪᠢᠰᠢ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠰᠤᠷᠤᠯᠴᠠᠯᠭ᠎ᠠ ᠎ ᠶᠢᠨ ᠦᠷ᠎ᠡ ᠪᠦᠲᠦᠮᠵᠢ ᠶᠢ ᠴᠢᠬᠤᠯᠠᠴᠢᠯᠠᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠠᠵᠢᠯ ᠤᠨ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠶᠢ  ᠪᠠᠳᠣᠯᠠᠨ᠂ ᠪᠥᠬᠦ ᠬᠤᠰᠢᠭᠤᠨ ᠤ ᠥᠷᠭᠡᠨ ᠣᠯᠠᠨ ᠨᠠᠮ ᠤᠨ ᠭᠡᠰᠢᠭᠦᠨ ᠺᠠᠳ᠋ᠷ ︽ᠲᠦᠷᠢᠮ︾᠎ ᠢ ᠰᠤᠷᠤᠯᠴᠠᠨ ᠲᠤᠭᠤᠰᠢᠯᠠᠭᠤᠯᠬᠤ ᠳᠤᠮᠳᠠ ︽ᠬᠤᠶᠠᠷ ᠢ ᠲᠣᠭᠲᠠᠭᠠᠬᠤ︾᠎ ᠶᠢᠨ ᠰᠢᠶᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠶ ᠣᠶᠢᠯᠠᠭᠠᠵᠤ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ  ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠬᠡᠷᠡᠭᠵᠢᠭᠦᠯᠬᠦ ᠴᠢᠳᠠᠪᠤᠷᠢ ᠪᠠᠨ ᠦᠨᠡᠨ ᠬᠦ ᠴᠢᠩᠭᠠᠳᠬᠠᠵᠤ᠂ ᠨᠠᠩ ᠡᠷᠡᠰ ᠪᠠᠲᠤ ᠬᠦᠴᠦᠲᠡᠶ ᠠᠵᠢᠯᠯᠠᠭ᠎ᠠ ᠪᠠ ᠦᠨᠡᠨ ᠪᠣᠳᠠᠲᠠᠶ ᠦᠷ᠎ᠡ ᠪᠦᠲᠦᠮᠵᠢ ᠪᠠᠷ ︽ᠬᠤᠶᠠᠷ ᠎ ᠢ ᠬᠠᠮᠠᠭᠠᠯᠠᠬᠤ︾᠎ ᠶᠢ ᠦᠶᠯᠡᠳᠦᠯᠭᠡᠵᠢᠭᠦᠯᠬᠦ ᠬᠡᠷᠡᠭᠲᠡᠶ ᠬᠡᠯ᠎ᠡ᠃   ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠨᠠᠮ ᠤᠨ ᠭᠡᠰᠢᠭᠦᠨ ᠤᠳᠤᠷᠢᠳᠬᠤ ᠺᠠᠳ᠋ᠷ ᠤᠯᠤᠰ ᠲᠦᠷᠦ ᠶᠢᠨ ᠰᠠᠬᠢᠯᠭ᠎ᠠ ᠪᠠᠲᠤ ᠶᠢ ᠵᠢᠷᠤᠮᠯᠠᠬᠤ ᠶᠢ ᠲᠡᠷᠢᠭᠦᠨ ᠪᠠᠶᠢᠷᠢᠨ ᠳᠤ ᠲᠠᠯᠪᠢᠵᠤ᠂ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠵᠣᠬᠢᠶᠠᠨ ᠪᠠᠶᠢᠭᠤᠯᠤᠯᠲᠠ ᠶᠢᠨ ᠤᠬᠠᠮᠰᠠᠷ ᠢᠶᠠᠨ ᠴᠢᠩᠭᠠᠳᠬᠠᠨ᠂ ᠤᠯᠠᠨ ᠲᠦᠮᠡᠨ ᠲᠠᠢ ᠰᠡᠳᠬᠢᠯ ᠵᠢᠷᠦᠬᠡ ᠪᠠᠨ ᠬᠤᠯᠪᠣᠵᠤ᠂ ᠠᠷᠠᠳ ᠲᠦᠮᠡᠨ ᠳᠤ ᠪᠤᠶᠠᠨ ᠦᠢᠯᠡᠳᠴᠦ᠂ ᠨᠠᠮ ᠤᠨ ᠠᠵᠢᠯ ᠤᠨ ᠰᠠᠬᠢᠯᠭ᠎ᠠ ᠪᠠᠲᠤ ᠶᠢ ᠲᠦᠷᠦᠭᠦᠯᠡᠨ ᠬᠡᠷᠡᠭᠵᠢᠭᠦᠯᠵᠦ᠂ ᠠᠮᠢᠳᠤᠷᠠᠯ ᠤᠨ ᠰᠠᠬᠢᠯᠭ᠎ᠠ ᠪᠠᠲᠤ ᠶᠢ  ᠴᠢᠩᠳᠠᠯᠠᠨ᠂ ︽ᠵᠢᠷᠭᠤᠭᠠᠨ ᠵᠦᠢᠯ ᠤᠨ ᠰᠠᠬᠢᠯᠭ᠎ᠠ ᠪᠠᠲᠤ︾ ᠎ ᠶᠢᠨ ᠭᠤᠣᠯ ᠵᠣᠷᠢᠯᠲᠠ ᠪᠠ ᠲᠣᠭᠲᠠᠭᠠᠯ ᠤᠨ ᠱᠠᠭᠠᠷᠳᠠᠯᠭ᠎ᠠ ᠶᠢ ᠣᠨᠣᠪᠴᠢᠲᠠᠶ  ᠡᠵᠡᠮᠰᠢᠵᠦ᠂ ᠤᠨᠤᠯ ᠤᠨ ᠰᠤᠷᠤᠯᠴᠠᠯᠭ᠎ᠠ ᠶᠢ ᠦᠷᠭᠦᠯᠵᠢᠯᠡᠨ ᠰᠠᠶᠢᠲᠤᠷ ᠠᠳᠬᠤᠵᠤ᠂ ᠰᠤᠷᠤᠯᠴᠠᠯᠭ᠎ᠠ ᠶᠢᠨ ᠭᠤᠣᠯᠳᠠᠯᠭ᠎ᠠ ᠶᠢ ᠴᠢᠬᠤᠯᠠᠴᠢᠯᠠᠵᠤ᠂ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠴᠢᠬᠤᠯᠠᠴᠢᠯᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢ  ︽ᠬᠤᠶᠠᠷ ᠶᠡᠭᠡ ᠶᠠᠪᠤᠳᠠᠯ︾᠎ ᠢ ᠰᠠᠶᠢᠲᠤᠷ ᠠᠳᠬᠤᠬᠤ᠂  ︽ᠵᠢᠷᠭᠤᠭᠠᠨ ᠶᠡᠭᠡ ᠢᠨᠵᠧᠨᠧᠷᠢᠩ︾᠎ ᠢ ᠨᠠᠶᠢᠳᠠᠪᠤᠷᠢᠵᠢᠭᠤᠯᠬᠤ ᠲᠠᠢ ᠨᠢᠭᠲᠠ ᠤᠶᠠᠯᠳᠤᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ  ᠢ ᠴᠥᠮ ᠭᠤᠣᠯ ᠠᠵᠢᠯ ᠢ ᠠᠬᠢᠭᠤᠯᠬᠤ ᠪᠦᠲᠦᠮᠵᠢᠲᠡᠢ ᠠᠷᠭ᠎ᠠ ᠬᠡᠮᠵᠢᠶ᠎ᠡ  ᠪᠤᠯᠭᠠᠬᠤ ᠭᠡᠷᠡᠭᠳᠢ ᠬᠡᠵᠡᠢ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号