ᠯᠢᠦ ᠰᠢᠶᠤᠤ ᠮᠢᠨ ᠭᠤᠤᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/4/25
   4 ᠰᠠᠷ᠎ᠠ ᠶᠢᠨ 22᠎ ᠤᠨ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠯᠢᠦ ᠰᠢᠶᠤᠤ ᠮᠢᠨ ᠨᠡᠷ ᠤᠷᠢᠳ ᠬᠤᠵᠢᠳ ᠱᠠᠩᠳᠤ ᠪᠠᠯᠭᠠᠰᠤ᠂ ᠬᠠᠪᠢᠷᠭ᠎ᠠ ᠪᠠᠯᠭᠠᠰᠤ᠂ ᠪᠣᠱᠣᠣᠳᠠᠢ ᠰᠤᠮᠤ᠂ ᠰᠠᠩ ᠤᠨ ᠲᠡᠯᠡᠶ ᠪᠠᠯᠭᠠᠰᠤᠨ ᠳᠤ ᠬᠦᠷᠴᠦ᠂ ᠣᠲᠣ ᠦᠶ᠎ᠡ ᠶᠢᠨ ᠮᠠᠯ ᠠᠵᠤ ᠠᠬᠤᠶ ᠶᠢᠨ ᠬᠥᠭᠵᠢᠯᠲᠡ᠂ ᠪᠡᠯᠴᠢᠭᠡᠷᠯᠡᠭᠦᠯᠬᠦ ᠶᠢ ᠬᠤᠷᠢᠭᠯᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ᠂ ︽ᠳᠥᠷᠪᠡᠨ ᠤᠯᠠᠷᠢᠯ ᠤᠨ ᠵᠢᠭᠤᠯᠴᠢᠯᠠᠯ︾᠂ ︽ᠣᠨᠴᠠᠯᠢᠭᠲᠤ ᠵᠢᠭᠤᠯᠴᠢᠯᠠᠯ︾᠎ ᠤᠨ ᠠᠵᠤ ᠦᠶᠯᠡᠰ ᠢ ᠨᠡᠭᠡᠭᠡᠨ ᠬᠥᠭᠵᠢᠭᠦᠯᠬᠦ ᠵᠢᠴᠢ ᠰᠦ ᠰᠠᠭᠠᠯᠢ ᠶᠢᠨ ᠠᠵᠤ ᠦᠶᠯᠡᠰ ᠤᠨ ᠬᠥᠭᠵᠢᠯᠲᠡ᠂ ᠭᠤᠤᠯᠳᠠᠯᠭ᠎ᠠ ᠲᠠᠢ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠵᠡᠷᠭᠡ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃   ᠪᠠᠶᠢᠴᠠᠭᠠᠨ ᠰᠤᠳᠤᠯᠤᠯᠲᠠ ᠶᠢᠨ ᠶᠠᠪᠤᠴᠠ ᠳᠤ ᠯᠢᠦ ᠰᠢᠶᠤᠤ ᠮᠢᠨ᠂ ᠤᠯᠠᠨ ᠢᠶᠠᠷ ᠢᠶᠠᠨ ᠠᠮᠢ ᠠᠬᠤᠢ ᠶᠢ ᠬᠠᠮᠠᠭᠠᠯᠠᠬᠤ ᠤᠬᠠᠮᠰᠠᠷ ᠢᠶᠠᠨ ᠤᠯᠠᠮ ᠴᠢᠨᠠᠭᠰᠢᠳᠠ ᠴᠢᠩᠭᠠᠳᠬᠠᠵᠤ᠂ ᠡᠯᠡᠰᠦᠷᠬᠡᠭ ᠭᠠᠵᠠᠷ ᠤᠨ ᠰᠢᠨᠵᠢ ᠴᠢᠨᠠᠷ᠂ ᠡᠯᠡᠰᠦᠷᠬᠡᠭᠵᠢᠯ ᠤᠨ ᠬᠡᠮᠵᠢᠶ᠎ᠡ᠂ ᠪᠠᠶᠢᠭᠠᠯᠢ ᠶᠢᠨ ᠨᠤᠲᠤᠭ ᠪᠡᠯᠴᠢᠭᠡᠷ ᠤᠨ ᠲᠠᠯᠠᠪᠠᠢ ᠪᠣᠯᠤᠨ ᠠᠰᠢᠭᠯᠠᠯᠲᠠ ᠵᠡᠷᠭᠡ ᠪᠠᠶᠢᠳᠠᠯ ᠢ ᠲᠣᠳᠣᠷᠬᠠᠢ ᠣᠶᠢᠯᠠᠭᠠᠵᠤ᠂ ᠤᠳᠤ ᠦᠶ᠎ᠡ ᠶᠢᠨ ᠮᠠᠯ ᠠᠵᠤ ᠠᠬᠤᠢ ᠶᠢᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠬᠦ ᠪᠠ ᠪᠡᠯᠴᠢᠭᠡᠷᠯᠡᠭᠦᠯᠬᠦ ᠶᠢ ᠬᠤᠷᠢᠭᠯᠠᠬᠤ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ᠂ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠵᠢᠴᠢ  ︽ᠲᠦᠷᠪᠡᠨ ᠤᠯᠠᠷᠢᠯ ᠤᠨ ᠵᠤᠭᠠᠴᠠᠯ︾᠂ ︽ᠤᠨᠴᠠᠯᠢᠬᠳᠤ ᠵᠤᠭᠠᠴᠠᠯ︾᠎ ᠤᠨ ᠠᠵᠤ ᠦᠢᠯᠡᠰ ᠢ ᠨᠡᠭᠡᠭᠡᠨ ᠬᠥᠭᠵᠢᠭᠦᠯᠵᠦ ᠬᠠᠮᠲᠤ ᠪᠠᠷ ᠠᠰᠢᠭ ᠬᠦᠷᠳᠡᠬᠦ ᠬᠠᠷᠢᠴᠠᠭ᠎ᠠ ᠶᠢ ᠰᠠᠶᠢᠲᠤᠷ ᠲᠥᠯᠥᠪᠵᠢᠭᠦᠯᠬᠦ ᠬᠡᠷᠡᠭᠲᠡᠢ᠃ ᠪᠥᠬᠦ ᠵᠢᠯ ᠢᠶᠠᠷ ᠬᠠᠰᠢᠶᠠᠯᠠᠨ ᠲᠡᠵᠢᠭᠡᠬᠦ ᠪᠠ ᠢᠴᠡᠭᠡᠯ ᠦᠷ᠎ᠡ ᠶᠢᠨ ᠬᠡᠭᠡᠯᠲᠦᠭᠦᠯᠭᠡ ᠶᠢ ᠲᠦᠭᠡᠮᠡᠯᠵᠢᠬᠦᠯᠵᠦ᠂ ᠮᠠᠯᠴᠢᠳ ᠢ ᠵᠢᠯᠤᠭᠤᠳᠤᠨ ᠠᠵᠤ ᠦᠢᠯᠡᠰ ᠤᠨ ᠬᠡᠯᠬᠢᠶ᠎ᠡ ᠳᠤ ᠠᠭᠤᠰᠤᠯᠴᠠᠭᠤᠯᠵᠤ᠂ ᠮᠢᠬᠠᠨ ᠤ ᠦᠬᠡᠷ ᠤᠨ ᠠᠵᠤ ᠦᠢᠯᠡᠰ ᠤᠨ ᠨᠡᠮᠡᠭᠳᠡᠯ ᠥᠷᠲᠡᠭ ᠤᠨ ᠠᠰᠢᠭ ᠣᠷᠣᠯᠭ᠎ᠠ ᠶᠢ ᠬᠠᠮᠲᠤᠪᠠᠷ ᠡᠳ᠋ᠯᠡᠬᠦᠯᠵᠦ᠂ ᠡᠯᠡᠰᠦ ᠮᠠᠩᠬ᠎ᠠ ᠶᠢ ᠨᠡᠭᠡᠭᠡᠨ ᠠᠰᠢᠭᠯᠠᠬᠤ ᠲᠠᠯ᠎ᠠ ᠪᠠᠷ ᠤᠷᠢᠳᠠᠪᠠᠷ ᠲᠤᠷᠰᠢᠨ ᠬᠢᠵᠦ᠂ ᠥᠪᠡᠷᠮᠢᠴᠡ ᠣᠨᠴᠠᠯᠢᠭ ᠪᠦᠬᠦᠢ ᠡᠯᠡᠰᠦ ᠮᠠᠩᠬ᠎ᠠ ᠶᠢ ᠳᠤᠭᠤᠯᠬᠤ ᠵᠢᠭᠤᠯᠴᠢᠯᠠᠯ ᠤᠨ ᠲᠥᠷᠥᠯ ᠵᠦᠢᠯ ᠢ ᠪᠣᠶ ᠪᠣᠯᠭᠠᠨ᠂ ᠪᠤᠱᠤᠤᠳᠠᠶ ᠰᠣᠮᠣᠨ ᠤ ᠰᠢᠷᠠᠨᠠᠭᠤᠷ ᠭᠠᠴᠠᠭ᠎ᠠ ᠪᠠᠷ ᠲᠤᠷᠰᠢᠯᠲᠠ ᠶᠢᠨ ᠴᠡᠭ ᠪᠣᠯᠭᠠᠵᠤ᠂ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠲᠥᠷᠥᠯ ᠵᠦᠶᠯ ᠳᠤ ᠲᠦᠰᠢᠭᠯᠡᠨ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠲᠤᠭᠤᠷᠢᠭ ᠪᠠ ᠪᠡᠯᠴᠢᠭᠡᠷᠯᠡᠭᠦᠯᠬᠦ ᠶᠢ ᠬᠤᠷᠢᠭᠯᠠᠬᠤ ᠲᠤᠭᠤᠷᠢᠭ ᠢ ᠵᠦᠶ ᠵᠣᠬᠢᠰᠲᠠᠶ ᠤᠯᠠᠷᠢᠭᠤᠯᠬᠤ ᠶᠢ ᠠᠬᠢᠭᠤᠯᠵᠤ᠂ ᠠᠮᠢ ᠠᠬᠤᠶ ᠶᠢ ᠰᠠᠶᠢᠵᠢᠷᠠᠭᠤᠯᠬᠤ᠂ ᠦᠶᠯᠡᠳᠪᠦᠷᠢᠯᠡᠯ ᠢ ᠳᠡᠭᠡᠭᠰᠢᠯᠡᠭᠦᠯᠬᠦ ᠬᠠᠷᠠᠯᠲᠠ ᠎ ᠶᠢ ᠪᠡᠶᠡᠯᠡᠭᠦᠯᠦᠨ᠂ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ ᠳᠤᠶᠢᠯᠪᠤᠷᠢᠳᠠᠢ ᠵᠠᠰᠠᠬᠤ ᠳᠠᠶᠢᠯᠠᠯᠳᠤᠭᠠᠨ ᠤ ᠢᠯᠠᠯᠲᠠ ᠶᠢ ᠤᠯᠬᠤ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠳᠡᠢ ᠬᠡᠵᠡᠢ᠃   ᠯᠢᠦ ᠰᠢᠶᠤᠤ ᠮᠢᠨ ᠱᠠᠭᠠᠷᠳ᠋ᠬᠠᠰᠠᠨ ᠨᠢ᠂ ᠬᠠᠮᠢᠶ᠎ᠠ ᠪᠥᠬᠦᠶ ᠰᠠᠯᠠᠭ᠎ᠠ ᠮᠥᠴᠢᠷ ᠪᠣᠯᠤᠨ ᠬᠠᠷᠢᠶ᠎ᠠ ᠭᠠᠵᠠᠷ ᠤᠨ ᠵᠠᠰᠠᠭ ᠎ ᠤᠨ ᠣᠷᠳᠣᠨ ᠨᠢᠭᠲᠠ ᠬᠠᠮᠵᠢᠯᠴᠠᠵᠤ᠂ ᠮᠠᠯ ᠠᠵᠤ ᠠᠬᠤᠶ ᠶᠢᠨ ᠭᠤᠤᠯᠳᠠᠯᠭ᠎ᠠ ᠲᠠᠢ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠣᠨ᠂ ᠲᠤᠰᠬᠠᠶ ᠠᠩᠭᠢ ᠪᠠᠷ ᠠᠬᠢᠭᠤᠯᠬᠤ ᠵᠠᠭᠪᠤᠷ ᠢ ᠬᠡᠷᠡᠭᠯᠡᠵᠦ᠂ ᠲᠥᠷᠥᠯ ᠵᠦᠶᠯ ᠤᠨ ᠲᠥᠯᠥᠪᠵᠢᠭᠦᠯᠭᠡ ᠳᠤ ᠭᠠᠵᠠᠷ ᠰᠣᠩᠭᠤᠬᠤ᠂ ᠡᠮᠦᠨᠡᠬᠢ ᠬᠤᠭᠤᠴᠠᠭᠠᠨ ᠤ ᠭᠠᠷᠳᠠᠮ ᠭᠦᠶᠴᠡᠳᠬᠡᠬᠦ ᠵᠡᠷᠭᠡ ᠭᠤᠭᠴᠤᠭ᠎ᠠ ᠳᠤ ᠤᠷᠢᠳᠴᠢᠯᠠᠨ ᠦᠶᠯᠡᠴᠢᠯᠡᠵᠦ᠂ ᠰᠠᠨᠠᠭᠠᠴᠢᠯᠠᠭ᠎ᠠ ᠠᠴᠠ ᠪᠠᠨ ᠠᠵᠢᠯᠯᠠᠨ᠂ ᠬᠠᠮᠤᠭ ᠤᠨ ᠰᠢᠯᠢᠳᠡᠭ ᠬᠤᠳᠠᠯᠳᠤᠭ᠎ᠠ ᠡᠵᠡᠩᠨᠡᠬᠦ ᠣᠷᠴᠢᠨ ᠢᠶᠠᠷ ᠠᠵᠤ ᠠᠬᠤᠶᠢᠯᠠᠯ ᠳᠤ ᠬᠦᠴᠦᠨ ᠨᠡᠮᠡᠷᠢᠯᠡᠬᠦ ᠬᠡᠷᠡᠭᠲᠡᠶ᠃ ᠲᠥᠷᠥᠯ ᠵᠦᠶᠯ ᠢ ᠡᠷᠲᠡᠬᠡᠨ ᠨᠠᠶᠢᠳᠠᠪᠤᠷᠢᠵᠢᠭᠤᠯᠵᠤ ᠪᠠᠷᠢᠯᠭ᠎ᠠ ᠡᠬᠢᠯᠡᠭᠦᠯᠦᠨ ᠠᠰᠢᠭᠯᠠᠯᠲᠠ ᠳᠤ ᠤᠷᠤᠭᠤᠯᠵᠤ᠂ ᠪᠥᠲᠥᠭᠡᠨ ᠪᠠᠶᠢᠭᠤᠯᠤᠭᠰᠠᠨ ᠠᠵᠤ ᠠᠬᠤᠶᠢᠯᠠᠯ ᠢ ᠵᠠᠬ᠎ᠠ ᠳᠡᠯᠭᠡᠭᠦᠷ ᠤᠨ ᠬᠥᠭᠵᠢᠯᠲᠡ ᠶᠢ ᠳᠠᠶᠢᠴᠢᠯᠠᠬᠤ ᠭᠤᠤᠯ ᠬᠦᠴᠦᠨ ᠪᠣᠯᠭᠠᠬᠤ ᠪᠠᠷ ᠪᠠᠷᠠᠬᠤ ᠥᠬᠡᠶ ᠡᠪᠡᠰᠦ ᠪᠣᠷᠳᠣᠭᠠᠨ ᠤ ᠪᠠᠴᠢᠮ ᠪᠠᠶᠢᠳᠠᠯ ᠢ ᠠᠷᠭᠠᠴᠠᠭᠠᠬᠤ ᠨᠥᠭᠡᠴᠡ ᠶᠢᠨ ᠠᠷᠤ ᠲᠠᠯ᠎ᠠ ᠶᠢᠨ ᠰᠠᠭᠤᠷᠢᠨ ᠪᠣᠯᠭᠠᠵᠤ᠂ ᠪᠥᠬᠦ ᠬᠤᠰᠢᠭᠤᠨ ᠤ ᠠᠮᠢ ᠠᠬᠤᠶ ᠶᠢᠨ ᠮᠠᠯ ᠠᠵᠤ ᠠᠬᠤᠶ ᠶᠢᠨ ᠠᠵᠤ ᠦᠶᠢᠯᠡᠰᠵᠢᠯᠲᠡ᠂ ᠬᠡᠪᠴᠢᠶᠡᠵᠢᠯᠲᠡ ᠶᠢ ᠪᠡᠶᠡᠯᠡᠭᠦᠯᠵᠦ᠂ ᠪᠣᠬᠢᠷᠲᠤᠯ ᠥᠬᠡᠶ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠭᠠᠳᠠᠭᠰᠢ ᠭᠠᠷᠭᠠᠬᠤ ᠭᠠᠵᠠᠷ ᠣᠷᠣᠨ ᠢ ᠪᠦᠲᠦᠭᠡᠨ ᠪᠠᠶᠢᠭᠤᠯᠬᠤ ᠶᠢ ᠠᠬᠢᠭᠤᠯᠬᠤ ᠬᠡᠷᠡᠭᠲᠡᠶ ᠬᠡᠯ᠎ᠡ᠃    ᠯᠢᠦ ᠰᠢᠶᠤᠤ ᠮᠢᠨ ᠵᠢᠭᠠᠬᠤ ᠳᠠᠭᠠᠨ᠂ ᠴᠠᠭᠠᠨ ᠢᠳᠡᠭᠡᠨ ᠤ ᠠᠵᠤ ᠦᠶᠯᠡᠰ ᠪᠣᠯ ᠮᠠᠨ ᠤ ᠬᠤᠰᠢᠭᠤᠨ ᠤ ᠮᠠᠯ ᠠᠵᠤ ᠠᠬᠤᠶ ᠶᠢᠨ ᠠᠵᠤ ᠦᠶᠯᠡᠰ ᠤᠨ ᠴᠢᠬᠤᠯᠠ ᠪᠦᠷᠢᠯᠳᠦᠬᠦᠨ ᠬᠡᠰᠡᠭ ᠮᠥᠨ᠃ ᠲᠠᠸᠠᠷ ᠤᠨ ᠲᠡᠮᠳᠡᠭᠲᠦ ᠳᠠᠩᠰᠠᠯᠠᠭᠤᠯᠬᠤ᠂ ᠪᠣᠷᠣᠯᠠᠭᠤᠯᠬᠤ ᠠᠷᠭ᠎ᠠ ᠵᠠᠮ᠂ ᠦᠶᠯᠡᠳᠪᠦᠷᠢᠯᠡᠯ ᠲᠡᠭᠡᠭᠡᠪᠦᠷᠢ ᠵᠡᠷᠭᠡ ᠭᠤᠭᠴᠤᠭ᠎ᠠ ᠳᠤ ᠭᠦᠨᠵᠡᠭᠡᠶ ᠰᠤᠳᠤᠯᠤᠯᠲᠠ ᠬᠢᠬᠦ ᠶᠢᠨ ᠬᠠᠮᠳᠣ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡ ᠦᠢᠯᠡᠳᠪᠦᠷᠢᠯᠡᠬᠦ ᠵᠢᠵᠢᠭ ᠦᠶᠯᠡᠳᠬᠡᠯ ᠤᠨ ᠵᠢᠱᠢᠶ᠎ᠡ ᠦᠵᠡᠭᠦᠯᠬᠦ ᠴᠢᠬ ᠢ ᠡᠭᠦᠳᠦᠨ ᠪᠠᠶᠢᠭᠤᠯᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠦᠷᠨᠢᠬᠦᠯᠦᠨ᠂ ᠶᠠᠰᠤ ᠴᠢᠨᠠᠷ ᠎ ᠤᠨ ᠠᠮᠤᠷ ᠲᠦᠪᠰᠢᠨ ᠢ ᠴᠢᠩᠭ᠎ᠠ ᠡᠵᠡᠮᠳᠡᠵᠦ᠂ ᠵᠠᠬ᠎ᠠ ᠳᠡᠯᠭᠡᠭᠦᠷ ᠤᠨ ᠢᠲᠡᠭᠡᠯ ᠬᠦᠨᠳᠦ ᠶᠢ ᠪᠤᠢ ᠪᠣᠯᠭᠠᠬᠤ᠂ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠦᠢᠯᠡᠳᠪᠦᠷᠢᠯᠡᠵᠦ ᠡᠳ᠋ᠰᠢᠭᠦᠯᠬᠦ ᠵᠢᠵᠢᠭ ᠦᠢᠯᠡᠳᠬᠡᠯ ᠤᠨ ᠵᠢᠷᠤᠮᠵᠢᠭᠰᠠᠨ ᠡᠵᠡᠩᠨᠡᠯᠲᠡ ᠶᠢ ᠵᠢᠯᠤᠭᠤᠳᠤᠨ ᠠᠬᠢᠭᠤᠯᠵᠦ᠂ ᠴᠢᠨᠠᠷᠯᠢᠭ ᠬᠦᠭᠵᠢᠬᠦᠯᠦᠨ᠂ ᠵᠠᠬ᠎ᠠ ᠳᠡᠯᠭᠡᠭᠦᠷ ᠲᠤ ᠬᠠᠨᠳᠤᠭᠤᠯᠤᠨ ᠰᠢᠨ᠎ᠡ ᠰᠢᠯᠢᠳᠡᠭ ᠦᠢᠯᠡᠳᠬᠦᠨ ᠢ ᠰᠦᠪᠡᠭᠴᠢᠯᠡᠵᠦ᠂ ᠮᠠᠨ ᠤ ᠬᠤᠰᠢᠭᠤᠨ ᠤ ᠴᠠᠭᠠᠨ ᠢᠳᠡᠭᠡᠨ ᠤ ᠵᠠᠬ᠎ᠠ ᠳᠡᠯᠭᠡᠭᠦᠷ ᠤᠨ ᠨᠥᠯᠥᠭᠡᠯᠡᠬᠦ ᠬᠦᠴᠦᠨ ᠢ ᠲᠠᠰᠤᠷᠠᠯᠲᠠ ᠥᠬᠡᠶ ᠦᠷᠬᠡᠳᠬᠡᠬᠦ ᠬᠡᠷᠡᠭᠳᠡᠢ ᠭᠡᠰᠡᠨ ᠪᠠᠶᠢᠨ᠎ᠠ᠃   ᠯᠢᠦ ᠰᠢᠶᠤᠤ ᠮᠢᠨ᠂ ᠬᠠᠷᠢᠶ᠎ᠠ ᠣᠷᠣᠨ ᠤ ᠵᠠᠰᠠᠭ ᠤᠨ ᠣᠷᠳᠣᠨ ᠨᠢ ᠠᠭᠤᠯᠠᠨ ᠦᠶᠡᠷ ᠤᠨ ᠭᠤᠤ ᠶᠢ ᠵᠠᠰᠠᠬᠤ ᠲᠦᠷᠦᠯ ᠵᠦᠢᠯ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠵᠣᠬᠢᠰᠲᠠᠢ ᠵᠢᠷᠤᠵᠤ   ᠲᠦᠯᠦᠪᠯᠡᠨ᠂ ᠠᠮᠢ ᠠᠬᠤᠢ ᠶᠢᠨ ᠬᠠᠮᠠᠭᠠᠯᠠᠯᠲᠠ ᠶᠢᠨ ᠴᠢᠳᠠᠮᠵᠢ᠂ ᠡᠷᠬᠢᠨ ᠲᠣᠭᠤᠷᠢᠨ ᠤ ᠣᠷᠴᠢᠨ ᠲᠣᠭᠤᠷᠢᠨ᠂ ᠠᠮᠤᠷ ᠲᠦᠪᠰᠢᠨ ᠤ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠶᠢ ᠨᠢᠭᠡᠳᠦᠯᠲᠡᠢ ᠲᠥᠯᠥᠪᠵᠢᠭᠦᠯᠦᠨ ᠨᠡᠶᠢᠳᠡ ᠳᠤᠨᠢ ᠬᠠᠷᠠᠭᠠᠯᠵᠠᠵᠤ᠂ ᠬᠥᠮᠦᠨ ᠪᠠᠶᠢᠭᠠᠯᠢ ᠶᠢᠨ ᠡᠶ᠎ᠡ ᠵᠣᠬᠢᠴᠠᠩᠭᠤᠢ ᠶᠢ ᠠᠬᠢᠭᠤᠯᠬᠤ ᠶᠢᠨ ᠬᠠᠮᠲᠤ ᠪᠦᠲᠦᠮᠵᠢᠲᠡᠢ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ᠂ ᠲᠦᠷᠦᠯ ᠵᠦᠢᠯ ᠢ ᠪᠠᠶᠢᠭᠤᠯᠵᠤ ᠠᠰᠢᠭᠯᠠᠯᠲᠠ ᠳᠤ ᠣᠷᠣᠭᠤᠯᠤᠭᠰᠠᠨ ᠤ ᠳᠠᠷᠠᠭᠠᠬᠢ ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠳᠬᠠᠵᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃    ᠳᠡᠳ᠋ ᠬᠤᠰᠢᠭᠤ ᠳᠠᠷᠤᠭ᠎ᠠ ᠵᠣᠷᠢᠭᠰᠠᠶᠢᠬᠠᠨ᠂ ᠬᠠᠮᠢᠶ᠎ᠠ ᠲᠠᠢ ᠰᠤᠮᠤ ᠪᠠᠯᠭᠠᠰᠤ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号