2024 ᠣᠨ ᠤ ᠬᠠᠪᠢᠷᠭ᠎ᠠ ᠪᠠᠯᠭᠠᠰᠤᠨ ᠤ ᠴᠤᠤᠶᠠᠩ ᠲᠣᠰᠬᠤᠨ ᠤ ᠭᠤᠷᠪᠠᠳᠤᠭᠠᠷ ᠬᠤᠭᠤᠴᠠᠭᠠᠨ ᠤ  ᠬᠦᠢᠯᠡᠰᠦᠨ ᠴᠡᠴᠡᠭ ᠵᠤᠭᠠᠴᠠᠯ ᠤᠨ ᠨᠠᠶᠢᠷ ᠤᠳᠠᠬᠤ ᠥᠭᠡᠢ ᠡᠬᠢᠯᠡᠨ᠎ᠠ
ᠨᠡᠶᠢᠲᠡᠯᠡᠭᠰᠡᠨ ᠴᠠᠭ᠄
2024/4/26
       ᠰᠤᠷᠪᠤᠯᠵᠢᠯᠠᠭᠴᠢ ᠣᠶᠢᠯᠠᠭᠠᠭᠰᠠᠨ ᠢᠶᠠᠷ᠂ 4 ᠰᠠᠷ᠎ᠠ ᠶᠢᠨ 30᠎ ᠤ ᠡᠳᠦᠷ᠂  2024 ᠣᠨ ᠤ ᠰᠢᠯᠤᠭᠤᠨ ᠬᠥᠬᠡ ᠬᠤᠰᠢᠭᠤᠨ ᠤ ᠬᠠᠪᠢᠷᠭ᠎ᠠ ᠪᠠᠯᠭᠠᠰᠤᠨ ᠤ ᠴᠤᠤᠶᠠᠩ ᠲᠣᠰᠬᠤᠨ ᠤ ᠭᠤᠷᠪᠠᠳᠤᠭᠠᠷ ᠬᠤᠭᠤᠴᠠᠭᠠᠨ ᠤ ᠬᠦᠶᠯᠡᠰᠦᠨ ᠴᠡᠴᠡᠭ ᠤᠨ ᠵᠢᠭᠤᠯᠴᠢᠯᠠᠯ ᠤᠨ ᠨᠠᠶᠢᠷ ᠦᠪᠡᠳᠡᠭᠰᠢ ᠶᠡᠭᠡ ᠪᠠᠷ ᠡᠬᠢᠯᠡᠬᠦ  ᠪᠤᠯᠥᠨ᠎ᠠ᠃    ᠠᠵᠢᠯᠯᠠᠭ᠎ᠠ ᠪᠠᠷ ᠬᠤᠰᠢᠭᠤ ᠤᠯᠠᠭᠠᠨᠮᠥ᠋ᠴᠢᠷ᠂ ᠬᠡᠰᠡᠭ ᠣᠯᠠᠨ ᠲᠦᠮᠡᠨ ᠢ ᠤᠷᠢᠵᠤ  ᠣᠯᠠᠨ ᠲᠦᠮᠡᠨᠴᠢ ᠴᠢᠨᠠᠷᠲᠠᠶ ᠤᠷᠠᠨ ᠰᠠᠶᠢᠬᠠᠨ ᠤ ᠲᠣᠭᠯᠠᠯᠲᠠ ᠭᠠᠷᠭᠠᠬᠤ ᠶᠢᠨ ᠬᠠᠮᠳᠣ ᠲᠤᠬᠠᠶ ᠶᠢᠨ ᠲᠠᠯᠠᠪᠤᠷ ᠲᠤ ᠠᠮᠲᠠᠲᠤ ᠢᠳᠡᠭᠡᠨ ᠤ ᠵᠠᠬ᠎ᠠ ᠳᠡᠯᠭᠡᠭᠦᠷ  ᠨᠡᠬᠡᠬᠡᠵᠦ᠂ ᠲᠠᠷᠢᠶᠠᠴᠢᠨ ᠠᠶᠢᠯ ᠤᠨ ᠠᠮᠲᠠᠲᠤ ᠢᠳᠡᠭᠡᠨ ᠵᠢᠴᠢ ᠨᠤᠲᠤᠭ ᠤᠨ ᠣᠨᠴᠠ ᠭᠠᠷᠤᠯᠲᠠ ᠶᠢ ᠳᠡᠯᠭᠡᠨ ᠦᠵᠡᠭᠦᠯᠬᠦ ᠪᠠ ᠪᠣᠷᠣᠯᠠᠭᠤᠯᠤᠨ᠎ᠠ᠃ ᠡᠭᠦᠨ ᠠᠴᠠ ᠭᠠᠳᠠᠨ᠎ᠠ᠂ ᠪᠠᠰᠠ ᠠᠷᠪᠠᠨ ᠭᠠᠵᠠᠷ ᠤᠨ  ᠶᠠᠪᠠᠭᠠᠨ  ᠠᠯᠬᠤᠬᠤ ᠪᠠ ᠳᠤᠭᠤᠶ ᠲᠡᠷᠭᠡ ᠤᠨᠤᠬᠤ ᠠᠵᠢᠯᠯᠠᠭ᠎ᠠ ᠥᠷᠨᠢᠭᠦᠯᠬᠦ ᠪᠣᠯᠤᠨ᠎ᠠ᠃  ᠰᠢᠯᠤᠭᠤᠨ ᠬᠦ‍‌ᠵᠭᠡ ᠬᠤᠰᠢᠭᠤᠨ ᠤ ᠬᠠᠪᠢᠷᠭ᠎ᠠ ᠪᠠᠯᠭᠠᠰᠤᠨ ᠤ ᠨᠠᠮ ᠤᠨ ᠬᠤᠷᠢᠶᠠᠨ ᠤ ᠭᠡᠰᠢᠭᠦᠨ᠂ ᠤᠬᠠᠭᠤᠯᠬᠤ ᠭᠡᠰᠢᠭᠦᠨ ᠣᠰᠬᠠᠯ᠄  ︽ᠡᠨᠡ ᠵᠢᠯ  ᠵᠢᠱᠢᠯᠲᠡ ᠪᠠᠷ 4 ᠰᠠᠷ᠎ᠠ ᠶᠢᠨ 30᠎ ᠤ ᠡᠳᠦᠷ ᠴᠤᠤᠶᠠᠩ ᠲᠣᠰᠬᠤᠨ ᠤ ᠭᠤᠷᠪᠠᠳᠤᠭᠠᠷ ᠬᠤᠭᠤᠴᠠᠭᠠᠨ ᠤ ᠭᠦᠢᠯᠡᠰᠦᠨ ᠴᠡᠴᠡᠭ ᠤᠨ ᠨᠠᠶᠢᠷ ᠢ ᠡᠷᠬᠢᠯᠡᠨ ᠶᠠᠪᠤᠠᠠᠳᠠᠭᠤᠯᠬᠤ ᠪᠠᠷ ᠪᠠᠶᠢᠨ᠎ᠠ᠃ ᠥᠷᠭᠡᠨ ᠣᠯᠠᠨ ᠨᠡᠶᠢᠭᠡᠮ ᠤᠨ ᠡᠯ᠎ᠡ ᠡᠲᠡᠭᠡᠳ ᠤᠨ ᠨᠠᠶᠢᠵᠠ ᠨᠠᠷ ᠮᠠᠨ ᠤ ᠴᠤᠤᠶᠠᠩ ᠲᠣᠰᠬᠤᠨ ᠳᠤ ᠢᠷᠡᠵᠦ ᠡᠨᠡ ᠤᠳᠠᠭᠠᠨ ᠤ ᠭᠦᠢᠯᠡᠰᠦᠨ ᠴᠡᠴᠡᠭ ᠤᠨ ᠪᠠᠶᠠᠷ ᠤᠨ ᠠᠵᠢᠯᠯᠠᠭ᠎ᠠ ᠳᠤ  ᠣᠷᠣᠯᠴᠠᠨ᠂  ᠴᠤᠤᠶᠠᠩ‌‍ᠲ᠋ᠣᠰᠬᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠶᠢ ᠬᠦᠰᠡᠵᠦ  ᠪᠠᠶᠢᠨ᠎ᠠ ︾ ᠬᠡᠯ᠎ᠡ᠃     ᠣᠶᠢᠷ᠎ᠠ ᠶᠢᠨ ᠵᠢᠯ ᠠᠴᠠ ᠨᠠᠭᠠᠰᠢ᠂ ᠰᠢᠯᠤᠭᠤᠨ ᠬᠥᠬᠡ ᠬᠤᠰᠢᠭᠤᠨ ᠤ ᠬᠠᠪᠢᠷᠭ᠎ᠠ ᠪᠠᠯᠭᠠᠰᠤᠨ ᠤ ᠴᠤᠤᠶᠠᠩ ᠲᠣᠰᠬᠤᠨ ᠬᠦᠶᠯᠡᠰᠦᠨ ᠴᠡᠴᠡᠭ ᠰᠣᠨᠢᠷᠬᠠᠬᠤ ᠵᠢᠭᠤᠯᠴᠢᠯᠠᠯ ᠤᠨ ᠡᠬᠢ ᠪᠠᠶᠠᠯᠢᠭ ᠢ ᠭᠦᠶᠴᠡᠳ ᠠᠰᠢᠭᠯᠠᠨ᠂ ᠮᠠᠨ ᠤ ᠬᠤᠰᠢᠭᠤᠨ ᠤ ᠬᠠᠪᠤᠷ ᠤᠨ ᠤᠯᠠᠷᠢᠯ ᠤᠨ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠢ ᠪᠠᠶᠠᠯᠢᠭᠵᠢᠭᠤᠯᠵᠤ᠂ ᠨᠠᠩ ᠣᠯᠠᠨ ᠵᠤᠭᠠᠴᠠᠭᠰᠠᠳ ᠪᠠ ᠬᠤᠲᠠ ᠶᠢᠨ ᠠᠷᠠᠳ ᠢ ᠬᠦᠶᠯᠡᠰᠦᠨ ᠴᠡᠴᠡᠭ ᠤᠨ ᠵᠢᠭᠤᠯᠴᠢᠯᠠᠯ ᠤᠨ ᠭᠤᠤᠯ ᠰᠡᠳᠦᠪᠲᠦ ᠰᠣᠶᠣᠯ ᠤᠨ ᠠᠵᠢᠯᠯᠠᠭ᠎ᠠ ᠳᠤ ᠣᠷᠣᠯᠴᠠᠭᠤᠯᠵᠤ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ᠂ ᠣᠯᠠᠨ ᠲᠦᠮᠡᠨ ᠎ ᠳᠤ ᠦᠶᠯᠡᠴᠢᠯᠡᠬᠦ ᠶᠢ ᠪᠡᠶᠡᠯᠡᠭᠦᠯᠵᠦ᠂  ︽ᠴᠤᠤᠶᠠᠩ ᠲᠣᠰᠬᠤᠨ ᠤ ᠬᠦᠶᠯᠡᠰᠦᠨ ᠴᠡᠴᠡᠭ ᠤᠨ ᠵᠢᠭᠤᠯᠴᠢᠯᠠᠯ ᠤᠨ ᠨᠠᠶᠢᠷ︾᠎ ᠤᠨ ᠰᠣᠶᠣᠯ ᠵᠢᠭᠤᠯᠴᠢᠯᠠᠯ ᠤᠨ ᠨᠠᠷᠠᠲᠤ ᠲᠡᠮᠳᠡᠭ ᠢ ᠡᠭᠦᠳᠴᠦ᠂ ᠵᠢᠭᠤᠯᠴᠢᠯᠠᠯ ᠢᠶᠠᠷ ᠪᠠᠯᠭᠠᠰᠤ ᠶᠢ ᠠᠬᠢᠭᠤᠯᠬᠤ᠂ ᠵᠢᠭᠤᠯᠴᠢᠯᠠᠯ ᠢᠶᠠᠷ ᠪᠠᠯᠭᠠᠰᠤ ᠶᠢ ᠳᠡᠮᠵᠢᠬᠦ᠂ ᠵᠢᠭᠤᠯᠴᠢᠯᠠᠯ ᠢᠶᠠᠷ ᠪᠠᠯᠭᠠᠰᠤ ᠶᠢ ᠪᠠᠶᠠᠵᠢᠭᠤᠯᠬᠤ ᠶᠢ ᠪᠡᠶᠡᠯᠡᠭᠦᠯᠵᠦ᠂ ᠪᠥᠬᠦ ᠪᠠᠯᠭᠠᠰᠤᠨ ᠤ ᠰᠣᠶᠣᠯ ᠵᠢᠭᠤᠯᠴᠢᠯᠠᠯ ᠤᠨ ᠡᠷᠡᠭᠦᠯ ᠢᠶᠠᠷ ᠬᠥᠭᠵᠢᠬᠦ ᠶᠢ ᠠᠬᠢᠭᠤᠯᠪᠠ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号