ᠰᠢᠯᠤᠭᠤᠨ ᠬᠦᠬᠡ ᠬᠤᠰᠢᠭᠤ ᠬᠠᠮᠳᠤ ᠶᠢᠨ ᠠᠵᠤ ᠠᠬᠤᠢ ᠶᠢ ᠬᠥᠭᠵᠢᠭᠦᠯᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ  ᠠᠵᠢᠯ ᠳᠤ ᠬᠦᠴᠥᠨ ᠨᠡᠮᠡᠷᠢᠯᠡᠵᠤ ᠪᠠᠶᠢᠨ᠎ᠠ
ᠨᠡᠶᠢᠲᠡᠯᠡᠭᠰᠡᠨ ᠴᠠᠭ᠄
2024/4/26
     ᠬᠤᠯᠪᠣᠭᠠᠰᠣ ᠶᠢ ᠲᠣᠪᠴᠢᠲᠠᠨ‌ᠣᠬᠤᠷ ᠪᠢᠴᠢᠯᠭᠡ ᠶᠢ ᠬᠠᠷᠠᠭᠠᠷᠠᠢ      ᠰᠠᠶᠢᠨᠬᠤᠳᠳᠤᠭ ᠰᠤᠮᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠲᠦᠷᠦᠭᠦᠯᠡᠨ᠂ 12 ᠭᠠᠴᠠᠭ᠎ᠠ ᠬᠠᠮᠲᠤ ᠪᠠᠷ ᠪᠠᠯᠠ ᠮᠥᠩᠭᠦ ᠭᠠᠷᠭᠠᠬᠤ ᠬᠡᠯᠪᠡᠷᠢ ᠪᠠᠷ ᠪᠠᠶᠢᠭᠤᠯᠤᠭᠳᠠᠭᠰᠠᠨ ᠥᠪᠥᠷ ᠮᠣᠩᠭᠤᠯ ᠤᠨ ᠰᠠᠶᠢᠨ ᠲᠠᠷᠢᠶᠠᠯᠠᠩ ᠮᠠᠯ ᠠᠵᠤ ᠠᠬᠤᠶ ᠶᠢᠨ ᠪᠠᠯᠠ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ ᠶᠢᠨ ᠰᠠᠶᠢᠨ ᠰᠠᠶᠢᠨ ᠬᠠᠯᠠᠭᠤᠨ ᠲᠣᠭᠤᠭᠠᠨ ᠤ ᠭᠠᠵᠠᠷ4 ᠰᠠᠷ᠎ᠠ ᠶᠢᠨ 25᠎ ᠤ ᠡᠳᠦᠷ ᠵᠢᠩᠬᠢᠨᠢ ᠪᠠᠷ ᠡᠵᠡᠩᠨᠡᠯᠲᠡ ᠪᠠᠨ ᠡᠬᠢᠯᠡᠭᠦᠯᠪᠡ᠃ ᠡᠨᠡ ᠪᠣᠯ ᠰᠠᠶᠢᠨᠬᠤᠳᠳᠤᠭ  ᠰᠣᠮᠣᠨ ᠤ ᠨᠠᠮ ᠤᠨ ᠪᠠᠶᠢᠭᠤᠯᠤᠯᠲᠠ ᠪᠠᠷ ᠳᠠᠮᠵᠢᠭᠤᠯᠤᠨ ᠲᠣᠰᠬᠤᠨ ᠤ ᠬᠠᠮᠲᠤ ᠶᠢᠨ ᠠᠵᠤ ᠠᠬᠤᠶ ᠶᠢ ᠬᠥᠭᠵᠢᠭᠦᠯᠦᠨ ᠪᠤᠵᠠᠭᠠᠶᠢᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ‍ ᠨᠢᠭᠡ ᠵᠦᠶᠯ ᠤᠨ ᠰᠢᠨ᠎ᠡ ᠶᠢ ᠡᠭᠦᠳᠬᠦ ᠠᠷᠭ᠎ᠠ  ᠵᠠᠮ ᠪᠣᠯᠤᠨ᠎ᠠ᠃    ᠮᠠᠯ ᠠᠵᠤ ᠠᠬᠤᠢ ᠶᠢᠨ ᠬᠥᠭᠵᠢᠯᠲᠡ ᠶᠢᠨ ᠬᠦᠴᠢᠷᠳᠡᠯ ᠠᠴᠠ ᠠᠩᠭᠢᠵᠢᠷᠠᠬᠤ ᠶᠢᠨ ᠲᠥᠯᠥᠭᠡ᠂  ᠰᠠᠶᠢᠨᠬᠤᠳᠳᠤᠭ ᠰᠤᠮᠤ ᠬᠥᠭᠵᠢᠯᠲᠡ ᠶᠢᠨ ᠠᠷᠭ᠎ᠠ ᠵᠠᠮ ᠢ ᠥᠷᠭᠡᠳᠬᠡᠬᠦ ᠪᠠᠷ ᠳᠠᠮᠵᠢᠨ᠂ ᠮᠠᠯ ᠠᠵᠤ ᠠᠬᠤᠢ ᠶᠢᠨ ᠳᠠᠪᠠᠭᠤᠯᠢᠭ ᠡᠬᠢ ᠪᠠᠶᠠᠯᠢᠭ ᠢ ᠭᠦᠢᠴᠡᠳ ᠠᠰᠢᠭᠯᠠᠵᠤ᠂  ︽ᠭᠠᠴᠠᠭᠠᠨ ᠤ ᠬᠠᠮᠲᠤ ᠨᠡᠶᠢᠲᠡ︾᠎ ᠶᠢᠨ ᠺᠣᠮᠫᠠᠨᠢ ᠶᠢ ᠡᠷᠬᠢᠯᠡᠨ ᠪᠠᠶᠢᠭᠤᠯᠵᠤ᠂ ᠦᠬᠡᠷ ᠬᠤᠨᠢᠨ ᠎ ᠤ  ᠮᠢᠬ᠎ᠠ ᠪᠠᠨ ᠪᠣᠷᠣᠯᠠᠭᠤᠯᠵᠤ᠂ ᠮᠠᠯ ᠤᠨ ᠠᠰᠢᠭ ᠰᠢᠮ᠎ᠡ ᠶᠢ 12 ᠭᠠᠴᠠᠭᠠᠨ ᠤ ᠮᠠᠯᠴᠢᠳ ᠤᠨ ᠪᠡᠯᠴᠢᠭᠡᠷ ᠤᠨ ᠮᠠᠯ ᠠᠴᠠ ᠬᠡᠷᠡᠭᠯᠡᠭᠴᠢᠳ ᠲᠤ ᠰᠢᠭᠤᠳ ᠪᠣᠷᠣᠯᠠᠭᠤᠯᠵᠤ᠂ ᠮᠠᠯᠵᠢᠬᠤ ᠡᠷᠦᠬᠡ ᠪᠠ ᠬᠡᠷᠡᠭᠯᠡᠭᠴᠢᠳ ᠲᠤ ᠠᠰᠢᠭ ᠣᠯᠭᠤᠬᠤ ᠶᠢ ᠪᠡᠶᠡᠯᠡᠭᠦᠯᠪᠡ᠃    ᠰᠠᠶᠢᠨᠬᠤᠳᠳᠤᠭ ᠰᠤᠮᠤᠨ ᠤ ᠪᠠᠶᠠᠨ ᠲᠥᠬᠦᠮ ᠭᠠᠴᠠᠭᠠᠨ ᠤ ᠨᠠᠮ ᠤᠨ ᠡᠭᠦᠷ ᠤᠨ ᠱᠦᠵᠢ᠂ ᠡᠷᠬᠢᠯᠡᠭᠴᠢ᠂ ᠥᠪᠥᠷ ᠮᠣᠩᠭᠤᠯ ᠤᠨ ᠰᠠᠶᠢᠨ ᠲᠠᠷᠢᠶᠠᠯᠠᠩ ᠮᠠᠯ ᠠᠵᠤ ᠠᠬᠤᠶ ᠶᠢᠨ ᠪᠠᠯᠠ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ ᠎ ᠶᠢᠨ ᠬᠡᠷᠡᠭ ᠮᠡᠳᠡᠭᠴᠢᠳ ᠤᠨ ᠬᠤᠷᠠᠯ ᠤᠨ ᠭᠡᠰᠢᠭᠦᠨ ᠦᠨᠡᠨᠳᠦ᠄ ︽ᠨᠢᠳᠤᠨᠤᠨ ᠤ 10 ᠰᠠᠷ᠎ᠠ ᠶᠢᠨ ᠰᠡᠭᠦᠯᠴᠢ ᠪᠠᠷ᠂ ᠮᠠᠨ ᠤ  ᠰᠠᠶᠢᠨᠬᠤᠳᠳᠤᠭ  ᠰᠤᠮᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠲᠦᠷᠦᠭᠦᠯᠡᠨ 12 ᠭᠠᠴᠠᠭ᠎ᠠ ᠶᠢ ᠵᠣᠬᠢᠶᠠᠨ ᠪᠠᠶᠢᠭᠤᠯᠵᠤ ᠺᠣᠮᠫᠠᠨᠢ ᠪᠠᠶᠢᠭᠤᠯᠪᠠ᠃ ᠡᠨᠡ ᠬᠦ ᠠᠷᠭ᠎ᠠ ᠬᠡᠮᠵᠢᠶ᠎ᠡ ᠨᠢ ᠮᠠᠯᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢᠨ ᠬᠠᠮᠲᠤ ᠭᠠᠴᠠᠭᠠᠨ ᠤ ᠬᠠᠮᠲᠤ ᠶᠢᠨ ᠠᠵᠤ ᠠᠬᠤᠶ ᠶᠢ ᠬᠥᠭᠵᠢᠭᠦᠯᠦᠨ ᠪᠤᠵᠠᠭᠠᠶᠢᠷᠠᠭᠤᠯᠬᠤ ᠳᠤ ᠴᠤ ᠮᠠᠰᠢ ᠶᠡᠭᠡ ᠠᠬᠢᠭᠤᠯᠬᠤ ᠦᠶᠯᠡᠳᠦᠯ ᠲᠠᠢ ᠪᠠᠶᠢᠵᠤ᠂  ᠦᠷ᠎ᠡ ᠪᠦᠳᠦᠮᠵᠢ ᠦᠨᠳᠦᠷ ᠪᠠᠶᠢᠨ᠎ᠠ᠃ ᠮᠠᠨ ᠤ ᠪᠠᠶᠠᠨ ᠲᠥᠬᠦᠮ ᠭᠠᠴᠠᠭᠠᠨ ᠤ ᠮᠠᠯᠴᠢᠳ ᠢᠶᠠᠷ ᠠᠪᠴᠤ ᠬᠡᠯᠡᠪᠡᠯ᠂ ᠮᠠᠨ ᠤ ᠮᠠᠯᠴᠢᠳ ᠨᠢᠭᠡ ᠬᠤᠷᠠᠭ᠎ᠠ ᠬᠤᠳᠠᠯᠳᠤᠪᠠᠯ ᠢᠯᠡᠭᠦᠦ 1000 ᠲᠥᠭᠦᠷᠢᠭ ᠣᠷᠴᠢᠮ ᠣᠯᠵᠤ᠂ ᠨᠢᠭᠡ ᠦᠬᠡᠷ ᠬᠤᠳᠠᠯᠳᠤᠪᠠᠯ ᠢᠯᠡᠭᠦᠦ 2000 ᠲᠥᠭᠦᠷᠢᠭ ᠣᠷᠴᠢᠮ  ᠤᠯᠵᠤ ᠪᠠᠶᠢᠨ᠎ᠠ︾ ᠬᠡᠯ᠎ᠡ᠃   ᠣᠳᠣᠬᠠᠨ ᠳᠤ᠂ ᠲᠣᠰ ᠺᠣᠮᠫᠠᠨᠢ ᠨᠢᠭᠡᠨᠲᠡ ᠬᠤᠶᠠᠷ ᠦᠬᠡᠷ ᠬᠤᠨᠢᠨ ᠮᠢᠬᠠᠨ ᠤ ᠪᠦᠲᠦᠭᠡᠭᠳᠡᠬᠦᠨ ᠢ ᠰᠢᠭᠤᠳ ᠡᠵᠡᠩᠨᠡᠬᠦ ᠳᠡᠯᠭᠡᠭᠦᠷ ᠪᠠ ᠨᠢᠭᠡ ᠬᠠᠯᠠᠭᠤᠨ ᠲᠣᠭᠤᠭᠠᠨ ᠤ    ᠬᠤᠭᠤᠯᠠᠨ ᠭᠡᠷ‌‍ᠲ᠋ᠡᠶ ᠪᠣᠯᠵᠣ᠂  ︽ᠰᠦᠯᠵᠢᠶ᠎ᠡ ᠪᠠ ᠰᠦᠯᠵᠢᠶᠡᠨ ᠭᠠᠳᠠᠨᠠᠬᠢ︾ ᠬᠤᠤᠰ ᠴᠢᠭᠯᠡᠯ ᠢᠶᠠᠷ ᠠᠵᠢᠯᠯᠠᠵᠤ᠂ ᠨᠠᠷᠠᠲᠤ ᠲᠡᠮᠳᠡᠭᠲᠦ ᠡᠵᠡᠩᠨᠡᠨ ᠪᠣᠷᠣᠯᠠᠭᠤᠯᠬᠤ ᠰᠢᠨ᠎ᠡ ᠪᠠᠶᠢᠷᠢᠰᠢᠯ ᠢ ᠪᠣᠶ  ᠪᠣᠯᠭᠠᠨ᠂ ᠭᠠᠴᠠᠭᠠᠨ ᠤ ᠬᠠᠮᠲᠤ ᠶᠢᠨ ᠠᠵᠤ ᠠᠬᠤᠶ ᠪᠠ ᠮᠠᠯᠴᠢᠳ ᠤᠨ ᠣᠷᠣᠯᠭ᠎ᠠ ᠶᠢᠨ ᠦᠷᠭᠦᠯᠵᠢᠯᠡᠨ ᠨᠡᠮᠡᠭᠳᠡᠬᠦ ᠶᠢ ᠳᠠᠶᠢᠴᠢᠯᠠᠭᠰᠠᠨ ᠪᠠᠶᠢᠨ᠎ᠠ᠃   ᠰᠠᠶᠢᠨ ᠲᠠᠷᠢᠶᠠᠯᠠᠩ ᠮᠠᠯ ᠠᠵᠤ ᠠᠬᠤᠶ ᠶᠢᠨ ᠪᠡᠯᠡ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ ᠶᠢᠨ ᠶᠡᠷᠦᠩᠬᠡᠶ ᠳᠠᠭᠠᠭᠠᠮᠠᠯ  ᠰᠣᠨᠣᠷ᠄ ︽ᠣᠳᠣᠬᠠᠨ ᠳᠤ᠂ ᠪᠢᠳᠡ ᠨᠢᠭᠡᠨᠲᠡ 6 ᠲᠣᠨ ᠰᠢᠬᠠᠮ ᠦᠬᠡᠷ ᠬᠤᠨᠢᠨ ᠮᠢᠬᠠᠨ ᠤ ᠪᠦᠲᠦᠭᠡᠭᠳᠡᠬᠦᠨ ᠪᠣᠷᠣᠯᠠᠭᠤᠯᠵᠤ᠂  120 ᠭᠠᠷᠤᠶ ᠲᠦᠮᠡᠨ ᠲᠥᠭᠦᠷᠢᠭ ᠲᠤ ᠬᠦᠷᠴᠡᠶ᠃ ᠥᠨᠥᠳᠦᠷ ᠮᠠᠨ ᠤ ᠬᠠᠯᠠᠭᠤᠨ ᠲᠣᠭᠤᠭᠠᠨ ᠤ ᠭᠠᠵᠠᠷ ᠵᠢᠩᠬᠢᠨᠢ ᠪᠠᠷ ᠡᠭᠦᠳᠡ ᠪᠠᠨ ᠨᠡᠭᠡᠭᠡᠵᠡᠢ᠂ ᠡᠮᠦᠨ᠎ᠡ ᠬᠤᠶᠠᠷ ᠰᠠᠷ᠎ᠠ ( ᠲᠤᠷᠰᠢᠨ ᠬᠡᠷᠡᠭᠯᠡᠬᠦ )᠎ ᠶᠢᠨ ᠡᠵᠡᠩᠨᠡᠯᠲᠡ ᠪᠠᠷ ᠳᠠᠮᠵᠢᠨ ᠰᠠᠷ᠎ᠠ ᠶᠢᠨ ᠡᠵᠡᠩᠨᠡᠯᠲᠡ ᠶᠢᠨ ᠨᠣᠷᠮ᠎ᠠ 20 ᠲᠦᠮᠡ ᠶᠢ ᠲᠠᠪᠠᠭᠰᠠᠨ ᠪᠠᠶᠢᠨ᠎ᠠ᠂ ᠵᠢᠱᠢᠯᠲᠡ ᠪᠠᠷ ᠪᠢᠳᠡ ᠵᠢᠩᠬᠢᠨᠢ ᠪᠠᠷ ᠡᠭᠦᠳᠡ ᠪᠠᠨ ᠨᠡᠭᠡᠭᠡᠭᠰᠡᠨ ᠤ ᠳᠠᠷᠠᠭ᠎ᠠ᠂ ᠰᠠᠷ᠎ᠠ ᠶᠢᠨ ᠡᠵᠡᠩᠨᠡᠯᠲᠡ ᠎ ᠶᠢᠨ  ᠬᠡᠮᠵᠢᠶ᠎ᠡ 40 ᠲᠦᠮᠡᠨ ᠲᠥᠭᠦᠷᠢᠭ ᠠᠴᠠ ᠳᠡᠭᠡᠭᠰᠢ ᠳᠤ ᠬᠦᠷᠴᠦ᠂ ᠵᠢᠯ ᠤᠨ ᠡᠵᠡᠩᠨᠡᠯᠲᠡ ᠶᠢᠨ ᠬᠡᠮᠵᠢᠶ᠎ᠡ ᠪᠠᠷᠤᠭ 400 ᠲᠦᠮᠡᠨ ᠲᠥᠭᠦᠷᠢᠭ ᠲᠤ ᠣᠢᠷᠠᠲᠤᠨ᠎ᠠ ︾ ᠬᠡᠯ᠎ᠡ᠃    ᠥᠪᠥᠷ ᠮᠣᠩᠭᠤᠯ ᠤᠨ ᠰᠠᠶᠢᠨ ᠲᠠᠷᠢᠶᠠᠯᠠᠩ ᠮᠠᠯ ᠠᠵᠤ ᠠᠬᠤᠶ ᠶᠢᠨ ᠪᠠᠯᠠ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ ᠶᠢᠨ ᠰᠢᠨ᠎ᠡ ᠶᠢ ᠡᠭᠦᠳᠬᠦ ᠵᠠᠭᠪᠤᠷ ᠨᠢ ᠤᠯᠠᠮᠵᠢᠯᠠᠯᠲᠤ ᠬᠥᠭᠵᠢᠯᠲᠡ ᠶᠢᠨ ᠵᠠᠭᠪᠤᠷ ᠢ ᠦᠨᠳᠦᠰᠦᠨ ᠠᠴᠠ ᠨᠢ ᠰᠢᠶᠳᠪᠦᠷᠢᠯᠡᠵᠦ᠂ ᠨᠠᠮ ᠤᠨ ᠬᠤᠷᠢᠶ᠎ᠠ ᠲᠦᠷᠦᠭᠦᠯᠡᠨ᠂ ᠡᠯ᠎ᠡ ᠨᠠᠮ ᠤᠨ ᠡᠭᠦᠷ ᠲᠠᠢ ᠬᠤᠯᠪᠣᠭᠠᠯᠠᠬᠤ ᠠᠷᠭ᠎ᠠ ᠬᠡᠯᠪᠡᠷᠢ ᠎ ᠪᠠᠷ ᠳᠠᠮᠵᠢᠭᠤᠯᠤᠨ᠂ ᠬᠦᠴᠦ ᠪᠠᠨ  ᠬᠠᠮᠳᠣᠳᠬᠠᠨ᠂ ᠡᠬᠢ ᠪᠠᠶᠠᠯᠢᠭ ᠢ ᠦᠨᠡᠨ ᠬᠦ ᠠᠭᠤᠰᠤᠯᠴᠠᠭᠤᠯᠤᠨ ᠨᠢᠭᠡᠳᠬᠡᠵᠦ᠂ ᠡᠭᠦᠨ ᠤ ᠤᠯᠠᠮ ᠠᠴᠠ ᠬᠠᠮᠲᠤᠪᠠᠷ ᠠᠵᠢᠯ ᠬᠢᠵᠦ᠂ ᠬᠠᠮᠲᠤᠪᠠᠷ ᠴᠢᠨᠡᠭᠡᠯᠢᠭᠵᠢᠭᠦ  ᠰᠠᠶᠢᠨ ᠪᠠᠶᠢᠳᠠᠯ ᠢ ᠪᠣᠶ ᠪᠣᠯᠭᠠᠪᠠ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号