ᠬᠤᠯᠪᠣᠭᠠᠰᠣ ᠶᠢ ᠲᠣᠪᠴᠢᠲᠠᠨᠣᠬᠤᠷ ᠪᠢᠴᠢᠯᠭᠡ ᠶᠢ ᠬᠠᠷᠠᠭᠠᠷᠠᠢ | ᠰᠠᠶᠢᠨᠬᠤᠳᠳᠤᠭ ᠰᠤᠮᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠲᠦᠷᠦᠭᠦᠯᠡᠨ᠂ 12 ᠭᠠᠴᠠᠭ᠎ᠠ | ᠬᠠᠮᠲᠤ ᠪᠠᠷ ᠪᠠᠯᠠ ᠮᠥᠩᠭᠦ ᠭᠠᠷᠭᠠᠬᠤ ᠬᠡᠯᠪᠡᠷᠢ ᠪᠠᠷ ᠪᠠᠶᠢᠭᠤᠯᠤᠭᠳᠠᠭᠰᠠᠨ ᠥᠪᠥᠷ ᠮᠣᠩᠭᠤᠯ ᠤᠨ ᠰᠠᠶᠢᠨ ᠲᠠᠷᠢᠶᠠᠯᠠᠩ | ᠮᠠᠯ ᠠᠵᠤ ᠠᠬᠤᠶ ᠶᠢᠨ ᠪᠠᠯᠠ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ ᠶᠢᠨ ᠰᠠᠶᠢᠨ ᠰᠠᠶᠢᠨ ᠬᠠᠯᠠᠭᠤᠨ | ᠲᠣᠭᠤᠭᠠᠨ ᠤ ᠭᠠᠵᠠᠷ4 ᠰᠠᠷ᠎ᠠ ᠶᠢᠨ 25 ᠤ ᠡᠳᠦᠷ ᠵᠢᠩᠬᠢᠨᠢ ᠪᠠᠷ ᠡᠵᠡᠩᠨᠡᠯᠲᠡ ᠪᠠᠨ ᠡᠬᠢᠯᠡᠭᠦᠯᠪᠡ᠃ ᠡᠨᠡ ᠪᠣᠯ | ᠰᠠᠶᠢᠨᠬᠤᠳᠳᠤᠭ ᠰᠣᠮᠣᠨ ᠤ ᠨᠠᠮ ᠤᠨ ᠪᠠᠶᠢᠭᠤᠯᠤᠯᠲᠠ ᠪᠠᠷ ᠳᠠᠮᠵᠢᠭᠤᠯᠤᠨ ᠲᠣᠰᠬᠤᠨ ᠤ ᠬᠠᠮᠲᠤ ᠶᠢᠨ ᠠᠵᠤ | ᠠᠬᠤᠶ ᠶᠢ ᠬᠥᠭᠵᠢᠭᠦᠯᠦᠨ ᠪᠤᠵᠠᠭᠠᠶᠢᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ | ᠨᠡᠮᠡᠷᠢᠯᠡᠬᠦ ᠨᠢᠭᠡ ᠵᠦᠶᠯ ᠤᠨ ᠰᠢᠨ᠎ᠡ ᠶᠢ ᠡᠭᠦᠳᠬᠦ ᠠᠷᠭ᠎ᠠ ᠵᠠᠮ ᠪᠣᠯᠤᠨ᠎ᠠ᠃ | ᠮᠠᠯ ᠠᠵᠤ ᠠᠬᠤᠢ ᠶᠢᠨ ᠬᠥᠭᠵᠢᠯᠲᠡ ᠶᠢᠨ ᠬᠦᠴᠢᠷᠳᠡᠯ ᠠᠴᠠ ᠠᠩᠭᠢᠵᠢᠷᠠᠬᠤ ᠶᠢᠨ ᠲᠥᠯᠥᠭᠡ᠂ | ᠰᠠᠶᠢᠨᠬᠤᠳᠳᠤᠭ ᠰᠤᠮᠤ ᠬᠥᠭᠵᠢᠯᠲᠡ ᠶᠢᠨ ᠠᠷᠭ᠎ᠠ ᠵᠠᠮ ᠢ ᠥᠷᠭᠡᠳᠬᠡᠬᠦ ᠪᠠᠷ ᠳᠠᠮᠵᠢᠨ᠂ ᠮᠠᠯ ᠠᠵᠤ ᠠᠬᠤᠢ ᠶᠢᠨ | ᠳᠠᠪᠠᠭᠤᠯᠢᠭ ᠡᠬᠢ ᠪᠠᠶᠠᠯᠢᠭ ᠢ ᠭᠦᠢᠴᠡᠳ ᠠᠰᠢᠭᠯᠠᠵᠤ᠂ ︽ᠭᠠᠴᠠᠭᠠᠨ ᠤ ᠬᠠᠮᠲᠤ ᠨᠡᠶᠢᠲᠡ︾ ᠶᠢᠨ ᠺᠣᠮᠫᠠᠨᠢ ᠶᠢ | ᠡᠷᠬᠢᠯᠡᠨ ᠪᠠᠶᠢᠭᠤᠯᠵᠤ᠂ ᠦᠬᠡᠷ ᠬᠤᠨᠢᠨ ᠤ ᠮᠢᠬ᠎ᠠ ᠪᠠᠨ ᠪᠣᠷᠣᠯᠠᠭᠤᠯᠵᠤ᠂ ᠮᠠᠯ ᠤᠨ ᠠᠰᠢᠭ ᠰᠢᠮ᠎ᠡ ᠶᠢ 12 | ᠭᠠᠴᠠᠭᠠᠨ ᠤ ᠮᠠᠯᠴᠢᠳ ᠤᠨ ᠪᠡᠯᠴᠢᠭᠡᠷ ᠤᠨ ᠮᠠᠯ ᠠᠴᠠ ᠬᠡᠷᠡᠭᠯᠡᠭᠴᠢᠳ ᠲᠤ ᠰᠢᠭᠤᠳ ᠪᠣᠷᠣᠯᠠᠭᠤᠯᠵᠤ᠂ ᠮᠠᠯᠵᠢᠬᠤ | ᠡᠷᠦᠬᠡ ᠪᠠ ᠬᠡᠷᠡᠭᠯᠡᠭᠴᠢᠳ ᠲᠤ ᠠᠰᠢᠭ ᠣᠯᠭᠤᠬᠤ ᠶᠢ ᠪᠡᠶᠡᠯᠡᠭᠦᠯᠪᠡ᠃ | ᠰᠠᠶᠢᠨᠬᠤᠳᠳᠤᠭ ᠰᠤᠮᠤᠨ ᠤ ᠪᠠᠶᠠᠨ ᠲᠥᠬᠦᠮ ᠭᠠᠴᠠᠭᠠᠨ ᠤ ᠨᠠᠮ ᠤᠨ ᠡᠭᠦᠷ ᠤᠨ ᠱᠦᠵᠢ᠂ ᠡᠷᠬᠢᠯᠡᠭᠴᠢ᠂ | ᠥᠪᠥᠷ ᠮᠣᠩᠭᠤᠯ ᠤᠨ ᠰᠠᠶᠢᠨ ᠲᠠᠷᠢᠶᠠᠯᠠᠩ ᠮᠠᠯ ᠠᠵᠤ ᠠᠬᠤᠶ ᠶᠢᠨ ᠪᠠᠯᠠ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ | ᠶᠢᠨ ᠬᠡᠷᠡᠭ ᠮᠡᠳᠡᠭᠴᠢᠳ ᠤᠨ ᠬᠤᠷᠠᠯ ᠤᠨ ᠭᠡᠰᠢᠭᠦᠨ ᠦᠨᠡᠨᠳᠦ᠄ ︽ᠨᠢᠳᠤᠨᠤᠨ ᠤ 10 ᠰᠠᠷ᠎ᠠ ᠶᠢᠨ ᠰᠡᠭᠦᠯᠴᠢ ᠪᠠᠷ᠂ | ᠮᠠᠨ ᠤ ᠰᠠᠶᠢᠨᠬᠤᠳᠳᠤᠭ ᠰᠤᠮᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠲᠦᠷᠦᠭᠦᠯᠡᠨ 12 ᠭᠠᠴᠠᠭ᠎ᠠ ᠶᠢ | ᠵᠣᠬᠢᠶᠠᠨ ᠪᠠᠶᠢᠭᠤᠯᠵᠤ ᠺᠣᠮᠫᠠᠨᠢ ᠪᠠᠶᠢᠭᠤᠯᠪᠠ᠃ ᠡᠨᠡ ᠬᠦ ᠠᠷᠭ᠎ᠠ ᠬᠡᠮᠵᠢᠶ᠎ᠡ ᠨᠢ ᠮᠠᠯᠴᠢᠳ ᠤᠨ ᠣᠷᠣᠯᠭ᠎ᠠ ᠶᠢ | ᠨᠡᠮᠡᠭᠳᠡᠭᠦᠯᠬᠦ ᠶᠢᠨ ᠬᠠᠮᠲᠤ ᠭᠠᠴᠠᠭᠠᠨ ᠤ ᠬᠠᠮᠲᠤ ᠶᠢᠨ ᠠᠵᠤ ᠠᠬᠤᠶ ᠶᠢ ᠬᠥᠭᠵᠢᠭᠦᠯᠦᠨ ᠪᠤᠵᠠᠭᠠᠶᠢᠷᠠᠭᠤᠯᠬᠤ ᠳᠤ ᠴᠤ | ᠮᠠᠰᠢ ᠶᠡᠭᠡ ᠠᠬᠢᠭᠤᠯᠬᠤ ᠦᠶᠯᠡᠳᠦᠯ ᠲᠠᠢ ᠪᠠᠶᠢᠵᠤ᠂ ᠦᠷ᠎ᠡ ᠪᠦᠳᠦᠮᠵᠢ ᠦᠨᠳᠦᠷ ᠪᠠᠶᠢᠨ᠎ᠠ᠃ ᠮᠠᠨ ᠤ ᠪᠠᠶᠠᠨ | ᠲᠥᠬᠦᠮ ᠭᠠᠴᠠᠭᠠᠨ ᠤ ᠮᠠᠯᠴᠢᠳ ᠢᠶᠠᠷ ᠠᠪᠴᠤ ᠬᠡᠯᠡᠪᠡᠯ᠂ ᠮᠠᠨ ᠤ ᠮᠠᠯᠴᠢᠳ ᠨᠢᠭᠡ ᠬᠤᠷᠠᠭ᠎ᠠ ᠬᠤᠳᠠᠯᠳᠤᠪᠠᠯ | ᠢᠯᠡᠭᠦᠦ 1000 ᠲᠥᠭᠦᠷᠢᠭ ᠣᠷᠴᠢᠮ ᠣᠯᠵᠤ᠂ ᠨᠢᠭᠡ ᠦᠬᠡᠷ ᠬᠤᠳᠠᠯᠳᠤᠪᠠᠯ ᠢᠯᠡᠭᠦᠦ 2000 ᠲᠥᠭᠦᠷᠢᠭ | ᠣᠷᠴᠢᠮ ᠤᠯᠵᠤ ᠪᠠᠶᠢᠨ᠎ᠠ︾ ᠬᠡᠯᠡ᠃ | ᠣᠳᠣᠬᠠᠨ ᠳᠤ᠂ ᠲᠣᠰ ᠺᠣᠮᠫᠠᠨᠢ ᠨᠢᠭᠡᠨᠲᠡ ᠬᠤᠶᠠᠷ ᠦᠬᠡᠷ ᠬᠤᠨᠢᠨ ᠮᠢᠬᠠᠨ ᠤ ᠪᠦᠲᠦᠭᠡᠭᠳᠡᠬᠦᠨ ᠢ ᠰᠢᠭᠤᠳ | ᠡᠵᠡᠩᠨᠡᠬᠦ ᠳᠡᠯᠭᠡᠭᠦᠷ ᠪᠠ ᠨᠢᠭᠡ ᠬᠠᠯᠠᠭᠤᠨ ᠲᠣᠭᠤᠭᠠᠨ ᠤ ᠬᠤᠭᠤᠯᠠᠨ ᠭᠡᠷᠲ᠋ᠡᠶ ᠪᠣᠯᠵᠣ᠂ ︽ᠰᠦᠯᠵᠢᠶ᠎ᠡ ᠪᠠ | ᠰᠦᠯᠵᠢᠶᠡᠨ ᠭᠠᠳᠠᠨᠠᠬᠢ︾ ᠬᠤᠤᠰ ᠴᠢᠭᠯᠡᠯ ᠢᠶᠠᠷ ᠠᠵᠢᠯᠯᠠᠵᠤ᠂ ᠨᠠᠷᠠᠲᠤ ᠲᠡᠮᠳᠡᠭᠲᠦ ᠡᠵᠡᠩᠨᠡᠨ ᠪᠣᠷᠣᠯᠠᠭᠤᠯᠬᠤ ᠰᠢᠨ᠎ᠡ | ᠪᠠᠶᠢᠷᠢᠰᠢᠯ ᠢ ᠪᠣᠶ ᠪᠣᠯᠭᠠᠨ᠂ ᠭᠠᠴᠠᠭᠠᠨ ᠤ ᠬᠠᠮᠲᠤ ᠶᠢᠨ ᠠᠵᠤ ᠠᠬᠤᠶ ᠪᠠ ᠮᠠᠯᠴᠢᠳ ᠤᠨ ᠣᠷᠣᠯᠭ᠎ᠠ ᠶᠢᠨ | ᠦᠷᠭᠦᠯᠵᠢᠯᠡᠨ ᠨᠡᠮᠡᠭᠳᠡᠬᠦ ᠶᠢ ᠳᠠᠶᠢᠴᠢᠯᠠᠭᠰᠠᠨ ᠪᠠᠶᠢᠨ᠎ᠠ᠃ | ᠰᠠᠶᠢᠨ ᠲᠠᠷᠢᠶᠠᠯᠠᠩ ᠮᠠᠯ ᠠᠵᠤ ᠠᠬᠤᠶ ᠶᠢᠨ ᠪᠡᠯᠡ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ ᠶᠢᠨ ᠶᠡᠷᠦᠩᠬᠡᠶ | ᠳᠠᠭᠠᠭᠠᠮᠠᠯ ᠰᠣᠨᠣᠷ᠄ ︽ᠣᠳᠣᠬᠠᠨ ᠳᠤ᠂ ᠪᠢᠳᠡ ᠨᠢᠭᠡᠨᠲᠡ 6 ᠲᠣᠨ ᠰᠢᠬᠠᠮ ᠦᠬᠡᠷ ᠬᠤᠨᠢᠨ ᠮᠢᠬᠠᠨ ᠤ | ᠪᠦᠲᠦᠭᠡᠭᠳᠡᠬᠦᠨ ᠪᠣᠷᠣᠯᠠᠭᠤᠯᠵᠤ᠂ 120 ᠭᠠᠷᠤᠶ ᠲᠦᠮᠡᠨ ᠲᠥᠭᠦᠷᠢᠭ ᠲᠤ ᠬᠦᠷᠴᠡᠶ᠃ ᠥᠨᠥᠳᠦᠷ ᠮᠠᠨ ᠤ | ᠬᠠᠯᠠᠭᠤᠨ ᠲᠣᠭᠤᠭᠠᠨ ᠤ ᠭᠠᠵᠠᠷ ᠵᠢᠩᠬᠢᠨᠢ ᠪᠠᠷ ᠡᠭᠦᠳᠡ ᠪᠠᠨ ᠨᠡᠭᠡᠭᠡᠵᠡᠢ᠂ ᠡᠮᠦᠨ᠎ᠡ ᠬᠤᠶᠠᠷ ᠰᠠᠷ᠎ᠠ ( ᠲᠤᠷᠰᠢᠨ | ᠬᠡᠷᠡᠭᠯᠡᠬᠦ ) ᠶᠢᠨ ᠡᠵᠡᠩᠨᠡᠯᠲᠡ ᠪᠠᠷ ᠳᠠᠮᠵᠢᠨ ᠰᠠᠷ᠎ᠠ ᠶᠢᠨ ᠡᠵᠡᠩᠨᠡᠯᠲᠡ ᠶᠢᠨ ᠨᠣᠷᠮ᠎ᠠ 20 ᠲᠦᠮᠡ ᠶᠢ ᠲᠠᠪᠠᠭᠰᠠᠨ | ᠪᠠᠶᠢᠨ᠎ᠠ᠂ ᠵᠢᠱᠢᠯᠲᠡ ᠪᠠᠷ ᠪᠢᠳᠡ ᠵᠢᠩᠬᠢᠨᠢ ᠪᠠᠷ ᠡᠭᠦᠳᠡ ᠪᠠᠨ ᠨᠡᠭᠡᠭᠡᠭᠰᠡᠨ ᠤ ᠳᠠᠷᠠᠭ᠎ᠠ᠂ ᠰᠠᠷ᠎ᠠ ᠶᠢᠨ ᠡᠵᠡᠩᠨᠡᠯᠲᠡ | ᠶᠢᠨ ᠬᠡᠮᠵᠢᠶ᠎ᠡ 40 ᠲᠦᠮᠡᠨ ᠲᠥᠭᠦᠷᠢᠭ ᠠᠴᠠ ᠳᠡᠭᠡᠭᠰᠢ ᠳᠤ ᠬᠦᠷᠴᠦ᠂ ᠵᠢᠯ ᠤᠨ ᠡᠵᠡᠩᠨᠡᠯᠲᠡ ᠶᠢᠨ ᠬᠡᠮᠵᠢᠶ᠎ᠡ | ᠪᠠᠷᠤᠭ 400 ᠲᠦᠮᠡᠨ ᠲᠥᠭᠦᠷᠢᠭ ᠲᠤ ᠣᠢᠷᠠᠲᠤᠨ᠎ᠠ ︾ ᠬᠡᠯᠡ᠃ | ᠥᠪᠥᠷ ᠮᠣᠩᠭᠤᠯ ᠤᠨ ᠰᠠᠶᠢᠨ ᠲᠠᠷᠢᠶᠠᠯᠠᠩ ᠮᠠᠯ ᠠᠵᠤ ᠠᠬᠤᠶ ᠶᠢᠨ ᠪᠠᠯᠠ ᠣᠷᠣᠭᠤᠯᠤᠯᠲᠠ ᠶᠢᠨ ᠬᠢᠵᠠᠭᠠᠷᠲᠤ | ᠺᠣᠮᠫᠠᠨᠢ ᠶᠢᠨ ᠰᠢᠨ᠎ᠡ ᠶᠢ ᠡᠭᠦᠳᠬᠦ ᠵᠠᠭᠪᠤᠷ ᠨᠢ ᠤᠯᠠᠮᠵᠢᠯᠠᠯᠲᠤ ᠬᠥᠭᠵᠢᠯᠲᠡ ᠶᠢᠨ ᠵᠠᠭᠪᠤᠷ ᠢ ᠦᠨᠳᠦᠰᠦᠨ ᠠᠴᠠ ᠨᠢ | ᠰᠢᠶᠳᠪᠦᠷᠢᠯᠡᠵᠦ᠂ ᠨᠠᠮ ᠤᠨ ᠬᠤᠷᠢᠶ᠎ᠠ ᠲᠦᠷᠦᠭᠦᠯᠡᠨ᠂ ᠡᠯ᠎ᠡ ᠨᠠᠮ ᠤᠨ ᠡᠭᠦᠷ ᠲᠠᠢ ᠬᠤᠯᠪᠣᠭᠠᠯᠠᠬᠤ ᠠᠷᠭ᠎ᠠ ᠬᠡᠯᠪᠡᠷᠢ | ᠪᠠᠷ ᠳᠠᠮᠵᠢᠭᠤᠯᠤᠨ᠂ ᠬᠦᠴᠦ ᠪᠠᠨ ᠬᠠᠮᠳᠣᠳᠬᠠᠨ᠂ ᠡᠬᠢ ᠪᠠᠶᠠᠯᠢᠭ ᠢ ᠦᠨᠡᠨ ᠬᠦ ᠠᠭᠤᠰᠤᠯᠴᠠᠭᠤᠯᠤᠨ ᠨᠢᠭᠡᠳᠬᠡᠵᠦ᠂ | ᠡᠭᠦᠨ ᠤ ᠤᠯᠠᠮ ᠠᠴᠠ ᠬᠠᠮᠲᠤᠪᠠᠷ ᠠᠵᠢᠯ ᠬᠢᠵᠦ᠂ ᠬᠠᠮᠲᠤᠪᠠᠷ ᠴᠢᠨᠡᠭᠡᠯᠢᠭᠵᠢᠭᠦ ᠰᠠᠶᠢᠨ ᠪᠠᠶᠢᠳᠠᠯ ᠢ ᠪᠣᠶ ᠪᠣᠯᠭᠠᠪᠠ᠃ | | |