ᠰᠢᠯᠤᠭᠤᠨ ᠬᠥᠬᠡ ᠬᠤᠰᠢᠭᠤ 2024 ᠣᠨ ᠤ ᠭᠤᠷᠪᠠᠳᠤᠭᠠᠷ ᠳᠡᠰ ᠤᠨ ᠨᠡᠶᠢᠭᠡᠮ ᠤᠨ ᠪᠡᠶ᠎ᠡ ᠶᠢᠨ ᠲᠠᠮᠢᠷ  ᠤᠨ ᠵᠢᠯᠣᠭᠤᠳᠣᠭᠴᠢ ︵ᠡᠭᠦᠳᠡᠨ ᠪᠥᠮᠪᠦᠭᠡ︶ ᠵᠢᠴᠢ ᠰᠤᠷᠭᠠᠭᠴᠢ᠂ ᠬᠢᠨᠠᠭᠴᠢ ᠶᠢᠨ ᠪᠣᠯᠪᠠᠰᠤᠷᠠᠯ ᠡᠷᠭᠢᠯᠡᠪᠡ
ᠨᠡᠶᠢᠲᠡᠯᠡᠭᠰᠡᠨ ᠴᠠᠭ᠄
2024/4/7
       ︽ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠯᠥᠪᠯᠡᠭᠡ︾ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠯᠣᠭᠤᠳᠣᠭᠴᠢ ᠶᠢᠨ ᠡᠩᠨᠡᠭᠡᠨ ᠤ ᠪᠠᠶᠢᠭᠤᠯᠤᠯᠲᠠ ᠵᠢᠴᠢ ᠲᠦᠷᠢᠮᠵᠢᠭᠰᠡᠨ ᠬᠥᠭᠵᠢᠯᠲᠡ ᠶᠢ ᠴᠢᠩᠭᠠᠳᠬᠠᠨ᠂ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠬᠤ ᠲᠥᠷᠥᠯ ᠵᠦᠶᠯ ᠢ ᠪᠠᠶᠠᠯᠢᠭᠵᠢᠭᠤᠯᠵᠤ᠂ ᠮᠠᠨ ᠤ ᠬᠤᠰᠢᠭᠤᠨ ᠤ ᠡᠭᠦᠳᠡᠨ ᠪᠥᠮᠪᠦᠭᠡ ᠶᠢᠨ ᠬᠥᠳᠡᠯᠭᠡᠭᠡᠨ ᠢ ᠬᠦᠭᠵᠢᠬᠦᠯᠦᠨ ᠲᠦᠭᠡᠮᠡᠯᠵᠢᠬᠦᠯᠵᠦ᠂ ᠪᠥᠬᠦ ᠬᠤᠰᠢᠭᠤᠨ ᠤ ᠡᠭᠦᠳᠡᠨ ᠪᠥᠮᠪᠦᠭᠡ ᠶᠢᠨ ᠬᠥᠳᠡᠯᠭᠡᠭᠡᠨ ᠤ ᠵᠣᠬᠢᠶᠠᠨ ᠪᠠᠶᠢᠭᠤᠯᠬᠤ ᠴᠢᠳᠠᠪᠤᠷᠢ ᠪᠠ ᠤᠷ᠎ᠠ ᠴᠢᠳᠠᠪᠤᠷᠢ ᠶᠢᠨ ᠵᠢᠭᠠᠨ ᠵᠢᠯᠣᠭᠤᠳᠬᠤ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ 4 ᠰᠠᠷ᠎ᠠ ᠶᠢᠨ 1 ᠤ ᠡᠳᠦᠷ ᠰᠢᠯᠤᠭᠤᠨ ᠬᠥᠬᠡ ᠬᠤᠰᠢᠭᠤᠨ ᠤ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ 2024 ᠣᠨ ᠤ ᠰᠢᠯᠤᠭᠤᠨ ᠬᠥᠬᠡ ᠬᠤᠰᠢᠭᠤᠨ ᠤ ᠭᠤᠷᠪᠠᠳᠤᠭᠠᠷ ᠳᠡᠰ  ᠤᠨ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠯᠣᠭᠤᠳᠣᠭᠴᠢ ︵ᠡᠭᠦᠳᠡᠨ ᠪᠥᠮᠪᠦᠭᠡ︶ ᠵᠢᠴᠢ ᠰᠤᠷᠭᠠᠭᠴᠢ᠂ ᠬᠢᠨᠠᠭᠴᠢ  ᠶᠢᠨ ᠪᠣᠯᠪᠠᠰᠤᠷᠠᠯ ᠡᠷᠬᠢᠯᠡᠯ᠎ᠡ᠃        ᠲᠣᠰ ᠤᠳᠠᠭᠠᠨ ᠤ ᠪᠣᠯᠪᠠᠰᠤᠷᠠᠯ ᠳᠤ ᠪᠥᠬᠦ ᠬᠤᠰᠢᠭᠤᠨ ᠤ 80 ᠰᠢᠬᠠᠮ ᠬᠥᠮᠦᠨ ᠨᠡᠷ᠎ᠡ ᠮᠡᠳᠡᠭᠦᠯᠦᠨ ᠣᠷᠣᠯᠴᠠᠵᠤ᠂ ᠣᠨᠣᠯ ᠤᠨ ᠰᠠᠭᠤᠷᠢ ᠮᠡᠳᠡᠯᠭᠡ ᠰᠤᠷᠤᠯᠴᠬᠠᠤ ᠪᠠ ᠲᠤᠬᠠᠶ ᠶᠢᠨ ᠲᠠᠯᠠᠪᠤᠷ ᠤᠨ ᠪᠤᠳᠠᠳᠠᠢ ᠵᠢᠭᠠᠨ ᠰᠤᠷᠭᠠᠯᠲᠠ ᠶᠢᠨ ᠬᠡᠯᠪᠡᠷᠢ ᠪᠠᠷ ᠶᠠᠪᠤᠭᠳᠠᠭᠰᠠᠨ ᠪᠠᠶᠢᠨ᠎ᠠ᠃      ᠪᠣᠯᠪᠠᠰᠤᠷᠠᠯ ᠢᠶᠠᠷ᠂ ᠪᠡᠶ᠎ᠡ ᠶᠢᠨ ᠲᠠᠮᠢᠷ ᠤᠨ ᠪᠠᠭ᠋ᠠᠳᠠᠳ ᠲᠤ ᠲᠤᠰᠬᠠᠶ ᠮᠡᠷᠭᠡᠵᠢᠯ ᠤᠨ᠂ ᠰᠢᠨᠵᠢᠯᠡᠬᠦ ᠤᠬᠠᠭᠠᠨᠴᠢ ᠪᠡᠶ᠎ᠡ ᠴᠢᠭᠢᠷᠠᠭᠵᠢᠭᠤᠯᠬᠤ ᠵᠢᠯᠣᠭᠤᠳᠣᠯᠭ᠎ᠠ ᠬᠠᠩᠭᠠᠵᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢᠨ ᠠᠭᠤᠯᠭ᠎ᠠ ᠶᠢ ᠪᠠᠶᠠᠯᠢᠭᠵᠢᠭᠤᠯᠤᠨ᠂ ᠰᠢᠯᠤᠭᠤᠨ ᠬᠥᠬᠡ ᠬᠤᠰᠢᠭᠤᠨ ᠤ ᠡᠭᠦᠳᠡᠨ ᠪᠥᠮᠪᠦᠭᠡ ᠶᠢᠨ ᠤᠷᠤᠯᠳᠤᠭᠠᠨ ᠢ ᠵᠣᠬᠢᠶᠠᠨ ᠪᠠᠶᠢᠭᠤᠯᠬᠤ ᠬᠢᠷᠢ ᠲᠦᠪᠰᠢᠨ ᠢ ᠠᠬᠢᠭᠤᠯᠤᠭᠰᠠᠨ ᠢᠶᠠᠷ ᠪᠠᠷᠠᠬᠤ ᠦᠭᠡᠢ ᠤᠳᠠᠯ ᠥᠬᠡᠶ ᠶᠠᠪᠤᠭᠳᠠᠬᠤ ᠡᠯ᠎ᠡ ᠵᠦᠶᠯ ᠤᠨ ᠤᠷᠤᠯᠳᠤᠭᠠᠨ ᠳᠤ ᠲᠠᠮᠢᠷᠴᠢᠳ ᠤᠨ  ᠪᠡᠯᠡᠳᠭᠡᠯ ᠬᠦᠴᠦᠨ ᠢ ᠬᠠᠩᠭᠠᠬᠤ ᠪᠤᠯᠤᠨ᠎ᠠ᠃  
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号