ᠰᠢᠯᠤᠭᠤᠨ ᠬᠥᠬᠡ ᠬᠤᠰᠢᠭᠤ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠵᠢᠭᠠᠪᠤᠷᠢ ᠶᠢ ᠰᠤᠨᠤᠰᠤᠨ᠂ ᠨᠠᠮ ᠢᠶᠠᠨ ᠳᠠᠭᠠᠬᠤ︾ ᠭᠤᠤᠯ ᠰᠡᠳᠦᠪᠲᠦ ᠶᠠᠷᠢᠶ᠎ᠠ ᠢᠯᠡᠳᠬᠡᠯ ᠤᠨ ᠤᠷᠤᠯᠳᠤᠭᠠᠨ ᠡᠷᠬᠢᠯᠡᠯ᠎ᠡ
ᠨᠡᠶᠢᠲᠡᠯᠡᠭᠰᠡᠨ ᠴᠠᠭ᠄
2024/4/7
     ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠵᠦ᠂ ︽ᠨᠠᠮ ᠤᠨ ᠠᠴᠢ ᠳᠤ ᠳᠠᠯᠠᠷᠬᠠᠵᠤ᠂ ᠨᠠᠮ ᠤᠨ ᠵᠢᠭᠠᠪᠤᠷᠢ ᠶᠢ ᠰᠤᠨᠤᠰᠤᠨ᠂ ᠨᠠᠮ ᠢᠶᠠᠨ ᠳᠠᠭᠠᠬᠤ︾ ᠣᠯᠠᠨ ᠲᠦᠮᠡᠨᠴᠢ ᠬᠥᠮᠦᠵᠢᠯ ᠦᠶᠯᠡᠳᠦᠯᠭᠡ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠬᠤᠪᠢᠰᠬᠠᠯ ᠤᠨ ᠰᠣᠶᠣᠯ ᠢ ᠥᠷᠭᠡᠨ ᠢᠶᠠᠷ ᠪᠠᠳᠠᠷᠠᠭᠤᠯᠤᠨ᠂ ᠤᠯᠤᠰ ᠢᠶᠠᠨ ᠬᠠᠶᠢᠷᠠᠯᠠᠬᠤ ᠰᠡᠳᠬᠢᠯᠭᠡ ᠶᠢ ᠵᠤᠵᠠᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠨ᠂ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ᠂ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠶ ᠥᠷᠨᠢᠭᠦᠯᠬᠦ ᠶᠢ ᠠᠬᠢᠭᠤᠯᠬᠤ ᠶᠢᠨ ᠲᠥᠯᠥᠭᠡ 4 ᠰᠠᠷ᠎ᠠ ᠶᠢᠨ 2 ᠤᠨ ᠡᠳᠦᠷ ᠰᠢᠯᠤᠭᠤᠨ ᠬᠥᠬᠡ ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠲᠦᠷᠦᠭᠦᠳᠡᠢ᠂ ᠬᠤᠰᠢᠭᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠬᠠᠮᠲᠤᠷᠠᠨ ︽ᠨᠠᠮ  ᠤᠨ ᠠᠴᠢ ᠳᠤ ᠲᠠᠯᠠᠷᠬᠠᠵᠤ᠂ ᠨᠠᠮ ᠤᠨ ᠵᠢᠭᠠᠪᠤᠷᠢ ᠶᠢ ᠰᠤᠨᠤᠰᠤᠨ᠂ ᠨᠠᠮ ᠢᠶᠠᠨ ᠳᠠᠭᠠᠬᠤ︾ ᠣᠭ ᠰᠠᠨᠠᠭ᠎ᠠ ᠪᠠᠨ ᠪᠠᠷᠢᠮᠳᠠᠯᠠᠨ ᠤᠯᠠᠮᠵᠢᠯᠠᠯ ᠢᠶᠠᠨ ᠵᠠᠯᠭᠠᠮᠵᠢᠯᠠᠬᠤ ᠭᠤᠤᠯ ᠰᠡᠳᠦᠪᠲᠦ ᠶᠠᠷᠢᠶ᠎ᠠ ᠢᠯᠡᠳᠬᠡᠯ ᠤᠨ ᠤᠷᠤᠯᠳᠤᠭᠠᠨ ᠡᠷᠬᠢᠯᠡᠵᠡᠢ᠃ ᠪᠥᠬᠦ ᠬᠤᠰᠢᠭᠤᠨ ᠤ  ᠡᠯ᠎ᠡ ᠪᠠᠶᠢᠭᠤᠯᠭ᠎ᠠ ᠠᠵᠢᠯ ᠦᠶᠯᠡᠰ ᠤᠨ ᠨᠢᠭᠡᠴᠡ ᠶᠢᠨ 37 ᠬᠦᠮᠦᠨ ᠤᠷᠤᠯᠴᠠᠭᠰᠠᠨ ᠪᠠᠶᠢᠨ᠎ᠠ᠃     ᠤᠷᠤᠯᠳᠤᠭᠠᠨ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ︽ᠨᠠᠮ ᠤᠨ ᠠᠴᠢ  ᠳᠤ ᠲᠠᠯᠠᠷᠬᠠᠵᠤ᠂ ᠨᠠᠮ ᠤᠨ ᠵᠢᠭᠠᠪᠤᠷᠢ ᠶᠢ ᠰᠤᠨᠤᠰᠤᠨ᠂ ᠨᠠᠮ ᠢᠶᠠᠨ ᠲᠠᠭᠠᠬᠤ︾ ᠭᠤᠣᠯ ᠰᠡᠳᠦᠪ ᠤᠨ ᠲᠣᠭᠤᠷᠢᠨ  ᠳᠤ᠂ ᠨᠠᠮ ᠤᠨ ᠲᠡᠦᠬᠡ᠂ ᠰᠢᠨ᠎ᠡ ᠳᠤᠮᠳᠠᠳᠤ ᠤᠯᠤᠰ ᠤᠨ ᠲᠡᠦᠬᠡ᠂ ᠥᠭᠡᠷᠡᠴᠢᠯᠡᠯᠲᠡ ᠨᠡᠭᠡᠭᠡᠯᠳᠠ ᠶᠢᠨ ᠲᠡᠦᠬᠡ᠂ ᠨᠡᠶᠢᠭᠡᠮ ᠵᠢᠷᠤᠮ ᠤᠨ ᠬᠥᠭᠵᠢᠯᠲᠡ ᠶᠢᠨ ᠲᠡᠦᠬᠡ ᠪᠠᠷ ᠭᠤᠣᠯ ᠠᠭᠤᠯᠭ᠎ᠠ ᠪᠣᠯᠭᠠᠵᠤ᠂ ᠴᠠᠬᠠᠷ ᠠᠶᠢᠮᠠᠭ ᠤᠨ ᠠᠩᠬᠠᠳᠠᠭᠴᠢ ᠨᠠᠮ ᠤᠨ ᠡᠭᠦᠷ ᠵᠡᠷᠭᠡ ᠬᠤᠪᠢᠰᠬᠠᠯ ᠤᠨ ᠰᠣᠩᠭᠤᠳᠠᠭ ᠦᠯᠢᠭᠡᠷ᠂ ᠬᠤᠪᠢᠰᠬᠠᠯ ᠤᠨ ᠲᠡᠦᠬᠡ᠂ ᠬᠥᠮᠦᠨ᠂ ᠬᠡᠷᠡᠭ ᠤᠴᠢᠷ᠂ ᠨᠠᠮ ᠤᠨ ᠵᠠᠭᠤᠨ ᠵᠢᠯ ᠤᠨ ᠭᠡᠷᠡᠯ ᠰᠠᠴᠤᠷᠠᠩᠭᠤᠢ ᠲᠡᠦᠬᠡᠨ ᠶᠠᠪᠤᠴᠠ ᠶᠢ ᠶᠠᠷᠢᠭᠰᠠᠨ ᠪᠠᠶᠢᠨ᠎ᠠ᠃ᠤᠯᠠᠨ ᠢᠶᠠᠷ ᠢᠶᠠᠨ ᠢᠯᠡᠳᠭᠡᠯ ᠢᠶᠠᠷ ᠳᠠᠮᠵᠢᠭᠤᠯᠤᠨ ᠨᠠᠮ ᠪᠠ ᠡᠬᠡ ᠤᠯᠤᠰ ᠢᠶᠠᠨ ᠬᠡᠰᠡᠨ ᠵᠤᠷᠢᠭ ᠰᠠᠨᠠᠭ᠎ᠠ ᠪᠠᠨ ᠬᠦᠨᠵᠡᠭᠡᠢ ᠬᠠᠷᠠᠭᠤᠯᠵᠤ᠂ ᠡᠷᠡᠮᠡᠬᠡᠶᠢᠯᠡᠨ ᠲᠠᠪᠰᠢᠬᠤ᠂ ᠴᠤᠭ ᠪᠠᠳᠠᠷᠠᠩᠭᠤᠢ ᠰᠢᠨ᠎ᠡ ᠴᠠᠭ ᠦᠶ᠎ᠡ ᠶᠢᠨ ᠵᠠᠯᠠᠭᠤᠴᠤᠳ  ᠤᠨ ᠤᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠦᠭᠰᠡᠨ ᠪᠠᠶᠢᠨ᠎ᠠ᠃      ᠰᠢᠯᠭᠠᠷᠠᠭᠤᠯᠤᠯᠳᠠ ᠪᠠᠷ ᠳᠠᠮᠵᠢᠭᠠᠳ 12 ᠤᠷᠤᠯᠴᠠᠭᠴᠢ ᠰᠢᠶᠳᠪᠦᠷᠢᠲᠦ ᠤᠷᠤᠯᠳᠤᠭᠠᠨ ᠳᠤ ᠣᠷᠣᠯᠴᠠᠬᠤ ᠬᠢᠷᠢ ᠬᠡᠮ ᠤᠯᠤᠭᠰᠠᠨ ᠪᠠᠶᠢᠨ᠎ᠠ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号