ᠰᠢᠯᠤᠭᠤᠨ ᠬᠦᠬᠡ ᠬᠤᠰᠢᠭᠤ ᠤᠢ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠠᠵᠢᠯ ᠢ ᠰᠠᠶᠢᠲᠤᠷ ᠬᠢᠵᠦ ᠪᠤᠢ
ᠨᠡᠶᠢᠲᠡᠯᠡᠭᠰᠡᠨ ᠴᠠᠭ᠄
2024/4/7
     ᠬᠤᠰᠢᠭᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠤᠬᠠᠭᠤᠯᠭ᠎ᠠ ᠬᠥᠮᠦᠵᠢᠯ ᠢᠶᠠᠨ ᠴᠢᠩᠭᠠᠳᠬᠠᠬᠤ᠂ ᠭᠠᠯ ᠤᠨ ᠡᠬᠢ ᠰᠤᠷᠪᠤᠯᠵᠢ ᠶᠢ ᠬᠠᠮᠢᠶᠠᠷᠤᠨ ᠡᠵᠡᠮᠳᠡᠬᠦ᠂ ᠠᠮᠤᠷ ᠲᠦᠪᠰᠢᠨ ᠢ ᠲᠣᠭᠤᠷᠢᠨ ᠪᠠᠶᠢᠴᠠᠭᠠᠬᠤ ︽ᠭᠤᠷᠪᠠ ᠶᠢ ᠪᠣᠳᠠᠲᠠᠶᠢᠵᠢᠭᠤᠯᠬᠤ︾ ᠪᠠᠷ ᠳᠡᠮᠵᠢᠨ᠂ ᠭᠠᠯ ᠤᠨ ᠭᠠᠮᠰᠢᠭ ᠡᠭᠦᠰᠬᠦ ᠶᠢ ᠰᠡᠷᠭᠡᠶᠢᠯᠡᠨ ᠬᠤᠷᠢᠭᠯᠠᠵᠤ᠂ ᠰᠢᠯᠤᠭᠤᠨ ᠬᠥᠬᠡ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠪᠠ ᠣᠯᠠᠨ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠳᠤᠷ ᠬᠢᠵᠦ ᠪᠤᠢ᠃     ᠤᠶᠢᠷ᠎ᠠ ᠶᠢᠨ ᠡᠳᠦᠷ᠂ ᠬᠤᠯᠠᠨ ᠰᠢᠷᠭ᠎ᠠ ᠲᠠᠭ᠎ᠠ ᠶᠢᠨ ᠣᠶ ᠰᠢᠭᠤᠶ ᠶᠢᠨ ᠲᠠᠯᠠᠪᠠᠶ ᠳᠤ᠂ ᠤᠢ ᠰᠢᠭᠤᠢ ᠬᠠᠮᠠᠭᠠᠯᠠᠴᠢᠳ ᠠᠴᠠ ᠠᠵᠢᠯ ᠤᠨ ᠪᠠᠶᠢᠷᠢ ᠪᠠᠨ ᠪᠠᠳᠤ ᠰᠠᠬᠢᠨ ᠵᠢᠵᠢᠭᠦᠷᠯᠡᠵᠦ᠂ ᠨᠠᠰᠢ ᠴᠠᠰᠢ ᠵᠤᠷᠴᠢᠬᠤ ᠪᠣᠶ ᠪᠥᠬᠦᠶ ᠲᠡᠷᠭᠡ ᠤᠨᠤᠭ᠎ᠠ ᠶᠢ ᠴᠢᠩᠭ᠎ᠠ ᠪᠠᠶᠢᠴᠠᠭᠠᠨ ᠳᠠᠩᠰᠠᠯᠠᠵᠤ ᠪᠠᠶᠢᠯ᠎ᠠ᠃ ᠡᠭᠦᠨ ᠤ ᠬᠠᠮᠲᠤ᠂ ᠣᠶ ᠰᠢᠭᠤᠶ ᠬᠠᠮᠠᠭᠠᠯᠠᠭᠴᠢ  ᠠᠴᠠ ᠰᠢᠭᠤᠶᠢᠲᠤ ᠣᠷᠣᠨ ᠳᠤ ᠭᠦᠨᠵᠡᠭᠡᠶᠢᠷᠡᠨ᠂ ᠭᠠᠯ ᠤᠨ ᠠᠶᠤᠯ ᠤᠨ ᠬᠡᠮ ᠰᠣᠭᠤᠭ ᠢ ᠲᠤᠭᠤᠷᠢᠨ ᠪᠠᠶᠢᠴᠠᠭᠠᠵᠤ᠂ ᠭᠠᠯ ᠰᠡᠷᠭᠡᠶᠢᠯᠡᠬᠦ ᠠᠮᠤᠷ ᠲᠦᠪᠰᠢᠨ ᠢ ᠪᠠᠳᠤᠯᠠᠵᠤ ᠪᠤᠢ᠃     ᠡᠨᠡ ᠵᠢᠯ ᠰᠢᠯᠤᠭᠤᠨ ᠬᠥᠬᠡ ᠬᠤᠰᠢᠭᠤᠨ ᠤ ᠬᠤᠯᠠᠨ ᠰᠢᠷᠭ᠎ᠠ ᠲᠠᠭ᠎ᠠ ᠶᠢᠨ ᠬᠡᠪᠴᠢᠶᠡᠵᠢᠭᠰᠡᠨ ᠣᠶ ᠰᠢᠭᠤᠶ ᠶᠢᠨ ᠲᠠᠯᠠᠪᠠᠶ ᠨᠢ 3 ᠰᠠᠷ᠎ᠠ ᠶᠢᠨ 15 ᠤ ᠡᠳᠦᠷ ᠠᠴᠠ ᠡᠬᠢᠯᠡᠨ ᠬᠠᠪᠤᠷ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠡᠬᠢᠯᠡᠭᠦᠯᠵᠦ᠂ ᠬᠠᠪᠤᠷ ᠤᠨ ᠤᠯᠠᠷᠢᠯ ᠤᠨ ᠭᠠᠯ ᠰᠡᠷᠭᠡᠶᠢᠯᠡᠬᠦ ᠪᠠᠶᠢᠳᠠᠯ ᠳᠤ ᠴᠢᠭᠯᠡᠭᠦᠯᠦᠨ᠂ ᠣᠶ ᠰᠢᠭᠤᠶ ᠶᠢᠨ ᠭᠠᠯ ᠰᠡᠷᠭᠡᠶᠢᠯᠡᠬᠦ ︽ᠠᠮᠤᠷ ᠲᠦᠪᠰᠢᠨ ᠤ ᠬᠠᠯᠬᠠᠪᠴᠢ︾ ᠶᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠤᠰᠠᠳᠠ ᠬᠡᠰᠡᠭ ᠬᠤᠪᠢᠶᠠᠨ ᠬᠠᠷᠢᠭᠤᠴᠠᠬᠤ ᠳᠦᠷᠢᠮ ᠢ ᠬᠡᠷᠡᠭᠵᠢᠬᠦᠯᠦᠨ᠂ ᠡᠮᠦᠨ᠎ᠡ ᠬᠤᠶᠢᠨ᠎ᠠ ᠬᠤᠶᠠᠷ ᠭᠠᠯ ᠰᠡᠷᠭᠡᠶᠢᠯᠡᠬᠦ ᠥᠷᠲᠡᠭᠡ ᠳᠤ ᠵᠢᠵᠢᠬᠦᠷ ᠲᠤᠬᠢᠷᠠᠭᠤᠯᠤᠨ ᠤᠷᠤᠵᠤ ᠭᠠᠷᠬᠤ ᠲᠡᠷᠭᠡ ᠤᠨᠤᠭ᠎ᠠ ᠵᠢᠴᠢ ᠬᠥᠮᠦᠰ ᠢ ᠳᠠᠩᠰᠠᠯᠠᠨ ᠲᠡᠮᠳᠡᠭᠯᠡᠬᠦ ᠶᠢᠨ ᠵᠡᠷᠭᠡᠳᠡ ᠵᠠᠮ ᠳᠠᠭᠠᠤ ᠭᠠᠯ ᠰᠡᠷᠭᠡᠶᠢᠯᠡᠬᠦ ᠰᠠᠨᠠᠭᠤᠯᠤᠮᠵᠢ ᠢᠯᠡᠷᠭᠡᠶᠢᠯᠡᠯ ᠡᠯᠭᠦᠨ ᠭᠠᠯ ᠰᠡᠷᠭᠡᠶᠢᠯᠡᠬᠦ ᠤᠬᠠᠭᠤᠯᠭ᠎ᠠ ᠶᠢ ᠬᠦᠨᠵᠡᠭᠡᠢ ᠦᠷᠨᠢᠬᠦᠯᠦᠭᠰᠡᠨ ᠪᠠᠶᠢᠨ᠎ᠠ᠃ ᠡᠭᠦᠨ ᠤ ᠬᠠᠮᠳᠤ ᠭᠠᠯ ᠤᠨᠲᠠᠷᠠᠭᠠᠬᠤ ᠪᠠᠭᠠᠵᠢ ᠬᠡᠷᠡᠭᠰᠡᠯ ᠢ ᠴᠠᠭ ᠲᠤᠬᠠᠶ ᠳᠤ ᠨᠢ ᠰᠠᠯᠪᠢᠨ ᠬᠠᠮᠠᠭᠠᠯᠠᠵᠤ᠂ ᠭᠠᠯ ᠰᠡᠷᠭᠡᠶᠢᠯᠡᠬᠦ ᠡᠳ᠋ ᠪᠣᠳᠠᠰ  ᠤᠨ ᠨᠥᠭᠡᠴᠡ ᠶᠢ ᠪᠠᠳᠤᠯᠠᠨ ᠭᠠᠯ ᠤᠨ ᠠᠶᠤᠯ  ᠭᠠᠷᠪᠠᠯ ᠦᠳᠲᠡᠷ ᠲᠦᠷᠭᠡᠨ ᠠᠷᠭ᠎ᠠ ᠬᠡᠮᠵᠢᠶ᠎ᠡ ᠠᠪᠬᠤ ᠪᠡᠯᠡᠳᠭᠡᠯ ᠢ ᠬᠦᠢᠴᠡᠳ ᠬᠢᠵᠦ᠂ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠡᠵᠡᠮᠳᠡᠬᠦ ᠬᠢᠷᠢ ᠲᠦᠪᠰᠢᠨ ᠢᠶᠠᠨ ᠳᠡᠭᠡᠭᠰᠢᠯᠡᠭᠦᠯᠦᠨ᠂ ᠬᠠᠩᠰᠢ ᠶᠢᠨ ᠬᠤᠭᠤᠴᠠᠭᠠᠨ ᠳᠤ ᠭᠠᠯ ᠤᠨ ᠠᠶᠤᠯ ᠡᠭᠦᠰᠬᠦ ᠦᠭᠡᠢ ᠪᠠᠶᠢᠬᠤ ᠶᠢ ᠪᠠᠳᠤᠯᠠᠵᠤ ᠪᠤᠢ᠃     ᠰᠢᠯᠤᠭᠤᠨ ᠬᠥᠬᠡ ᠬᠤᠰᠢᠭᠤᠨ ᠤ ᠬᠤᠯᠠᠨ ᠰᠢᠷᠭ᠎ᠠ ᠳᠠᠭ᠎ᠠ ᠶᠢᠨ ᠬᠡᠪᠴᠢᠶᠡᠵᠢᠭᠦᠯᠦᠭᠰᠡᠨ ᠣᠶ ᠰᠢᠭᠤᠶ ᠶᠢᠨ ᠲᠠᠯᠠᠪᠠᠶ ᠶᠢᠨ ᠣᠶ ᠰᠢᠭᠤᠶ ᠬᠠᠮᠠᠭᠠᠯᠠᠭᠴᠢ ᠬᠠᠨ ᠬᠦᠶ ᠯᠦ ᠬᠡᠯᠡᠬᠦ ᠳᠡᠭᠡᠨ᠄  ︽ᠮᠠᠨ ᠤ ᠣᠶ ᠰᠢᠭᠤᠶ ᠶᠢᠨ ᠲᠠᠯᠠᠪᠠᠶ 3 ᠰᠠᠷ᠎ᠠ ᠶᠢᠨ 15 ᠤ ᠡᠳᠦᠷ ᠠᠴᠠ ᠡᠬᠢᠯᠡᠨ ᠭᠠᠯ ᠰᠡᠷᠭᠡᠶᠢᠯᠡᠬᠦ ᠬᠤᠭᠤᠴᠠᠭᠠᠨ ᠳᠤ ᠤᠷᠤᠭᠰᠠᠨ ᠠᠴᠠ ᠨᠠᠰᠢ ᠪᠢᠳᠡ 24 ᠴᠠᠭ ᠠᠵᠢᠯ ᠤᠨ ᠪᠠᠶᠢᠷᠢ ᠪᠠᠨ ᠰᠠᠬᠢᠨ᠂ ᠣᠶ ᠰᠢᠭᠤᠶ ᠶᠢᠨ ᠲᠠᠯᠠᠪᠠᠶ ᠳᠤ ᠲᠤᠷᠠᠪᠠᠷ ᠤᠷᠤᠬᠤ ᠶᠢ ᠬᠢᠵᠠᠭᠠᠷᠯᠠᠵᠤ ᠪᠠᠶᠢᠭ᠎ᠠ ᠶᠤᠮ᠃ ᠬᠠᠩᠰᠢ ᠶᠢᠨ ᠠᠮᠠᠷᠠᠯᠳᠠ ᠪᠣᠯ ᠭᠠᠯ ᠰᠡᠷᠭᠡᠶᠢᠯᠡᠬᠦ ᠠᠵᠢᠯ ᠢ ᠴᠢᠩᠭᠠᠳᠬᠠᠬᠤ ᠭᠤᠤᠯᠳᠠᠯᠭ᠎ᠠ ᠲᠠᠢ ᠬᠤᠭᠤᠴᠠᠭ᠎ᠠ ᠤᠴᠢᠷ ᠠᠴᠠ ᠣᠢ ᠰᠢᠭᠤᠶ ᠶᠢᠨ ᠲᠠᠯᠠᠪᠠᠢ ᠳᠤ ᠲᠤᠶᠤᠩ ᠲᠦᠯᠡᠰᠢ ᠰᠢᠳᠠᠭᠠᠬᠤ ᠵᠡᠷᠭᠡ ᠶᠢ ᠴᠢᠩᠭ᠎ᠠ ᠬᠤᠷᠢᠭᠯᠠᠨ᠎ᠠ︾ ᠭᠡᠯ᠎ᠡ᠃      ᠣᠶ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠠᠵᠢᠯ ᠢ ᠡᠬᠢᠯᠡᠭᠦᠯᠦᠭᠰᠡᠨ ᠠᠴᠠ ᠨᠠᠭᠠᠰᠢ᠂ ᠰᠢᠯᠤᠭᠤᠨ ᠬᠥᠬᠡ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠬᠤᠰᠢᠭᠤ ᠬᠠᠮᠢᠶ᠎ᠠ ᠲᠠᠢ ᠨᠢᠭᠡᠴᠡ᠂ ᠡᠯ᠎ᠡ ᠰᠤᠮᠤ ᠪᠠᠯᠭᠠᠰᠤ ︵ᠲᠠᠯᠠᠪᠠᠶ︶ ᠲᠠᠢ ᠬᠠᠮᠲᠤᠷᠠᠨ ᠣᠶ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠤᠬᠠᠭᠤᠯᠭ᠎ᠠ ᠬᠥᠮᠦᠵᠢᠯ ᠢ ᠪᠠᠶᠢᠩᠭᠤ ᠥᠷᠨᠢᠭᠦᠯᠵᠦ᠂ ᠭᠤᠤᠯᠳᠠᠯᠭ᠎ᠠ ᠲᠠᠢ ᠣᠷᠣᠨ ᠪᠦᠰᠡ ᠳᠤ ᠬᠦᠴᠦᠨ  ᠢᠶᠠᠨ ᠲᠦᠪᠯᠡᠷᠡᠭᠦᠯᠦᠨ᠂ ᠭᠤᠤᠯᠳᠠᠯᠭ᠎ᠠ ᠲᠠᠢ ᠬᠥᠮᠦᠰ ᠢ ᠪᠥᠬᠦ ᠲᠠᠯ᠎ᠠ ᠪᠠᠷ ᠬᠠᠮᠤᠷᠴᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠦᠨᠳᠦᠰᠦᠨ ᠮᠡᠳᠡᠯᠭᠡ᠂ ᠠᠮᠤᠷ ᠲᠦᠪᠰᠢᠨ ᠢᠶᠠᠷ ᠭᠠᠯ ᠤᠨᠲᠠᠷᠠᠭᠠᠬᠤ ᠶᠡᠷᠦ ᠶᠢᠨ ᠮᠡᠳᠡᠯᠭᠡ᠂ ᠦᠨᠳᠦᠰᠦᠨ ᠠᠷᠭ᠎ᠠ᠂ ᠠᠶᠤᠯ ᠲᠠᠢ ᠤᠷᠴᠢᠨ ᠠᠴᠠ ᠠᠮᠤᠷ ᠲᠦᠪᠰᠢᠨ ᠢᠶᠠᠷ ᠵᠠᠶᠢᠯᠠᠬᠤ ᠪᠠ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢ ᠪᠥᠬᠦ ᠲᠠᠯ᠎ᠠ ᠪᠠᠷ ᠦᠷᠨᠢᠬᠦᠯᠵᠦ᠂ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠤᠯᠭᠠᠨ᠂ ᠡᠯ᠎ᠡ ᠱᠠᠲᠤᠨ ᠤ ᠬᠠᠷᠢᠭᠤᠴᠠᠯᠭ᠎ᠠ ᠶᠢ ᠤᠯᠠᠮ ᠴᠢᠨᠠᠭᠰᠢᠳᠠ ᠪᠣᠳᠠᠲᠠᠶᠢᠵᠢᠭᠤᠯᠵᠤ᠂ ᠴᠠᠭᠳᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠂ ᠵᠡᠷᠭᠡ ᠳᠤᠨᠢ ᠠᠳᠬᠤᠵᠤ ᠬᠠᠮᠲᠤ ᠪᠠᠷ ᠬᠠᠮᠢᠶᠠᠷᠬᠤ ᠠᠵᠢᠯ  ᠤᠨ ᠲᠤᠭᠳᠠᠴᠠ ᠶᠢ ᠪᠦᠷᠢᠯᠳᠦᠭᠦᠯᠵᠦ᠂ ᠰᠢᠯᠤᠭᠤᠨ ᠬᠥᠬᠡ ᠬᠤᠰᠢᠭᠤᠨ ᠤ ᠣᠢ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠪᠠ ᠠᠷᠠᠳ ᠣᠯᠠᠨ ᠤ ᠡᠳ᠋ ᠬᠥᠷᠥᠩᠭᠡ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠰᠠᠬᠢᠨ ᠬᠠᠮᠠᠭᠠᠯᠠᠵᠤ ᠪᠤᠢ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号