ᠰᠢᠯᠤᠭᠤᠨ ᠬᠥᠬᠡ ᠬᠤᠰᠢᠭᠤ ᠵᠣᠬᠢᠶᠠᠨ ᠪᠠᠶᠢᠭᠤᠯᠬᠤ᠂ ᠤᠬᠠᠭᠤᠯᠬᠤ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/7
      4 ᠰᠠᠷ᠎ᠠ ᠶᠢᠨ 3 ᠤ ᠡᠳᠦᠷ᠂ ᠰᠢᠯᠤᠭᠤᠨ ᠬᠥᠬᠡ ᠬᠤᠰᠢᠭᠤ ᠵᠣᠬᠢᠶᠠᠨ ᠪᠠᠶᠢᠭᠤᠯᠬᠤ᠂ ᠤᠬᠠᠭᠤᠯᠬᠤ ᠠᠵᠢᠯ  ᠤᠨ ᠬᠤᠷᠠᠯ ᠬᠤᠷᠠᠯᠳᠤᠭᠤᠯᠤᠯ᠎ᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠹᠧᠩ ᠵᠢᠶᠠᠨ ᠵᠢᠶᠦ᠋ᠨ ᠬᠤᠷᠠᠯ  ᠢ ᠡᠷᠭᠢᠯᠡᠨ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢ ᠬᠠᠨ ᠹᠧᠨ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ  ᠤᠨ ᠳᠠᠷᠤᠭ᠎ᠠ ᠼᠤᠤ ᠵᠧᠨ ᠢᠦᠢ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠮ ᠤᠨ ᠬᠤᠷᠢᠶᠠᠨ ᠤ ᠠᠯᠪᠠᠨ ᠬᠡᠷ ᠤᠨ ᠡᠷᠬᠢᠯᠡᠭᠴᠢ ᠶᠠᠨ ᠷᠦᠢ ᠴᠢ ᠬᠤᠷᠠᠯ ᠳᠤ ᠤᠷᠤᠯᠴᠠᠵᠠᠢ᠃      ᠬᠤᠷᠠᠯ ᠠᠴᠠ 2023 ᠣᠨ ᠤ ᠪᠦᠬᠦ ᠬᠤᠰᠢᠭᠤᠨ ᠤ ᠵᠣᠬᠢᠶᠠᠨ ᠪᠠᠶᠢᠭᠤᠯᠬᠤ᠂ ᠤᠬᠠᠭᠤᠯᠬᠤ ᠠᠵᠢᠯ ᠢ ᠡᠷᠭᠢᠴᠡᠭᠦᠯᠦᠨ ᠳ᠋ᠦᠩᠨᠡᠵᠦ᠂ 2024 ᠣᠨ ᠤ ᠠᠵᠢᠯ ᠡᠭᠦᠷᠭᠡ ᠶᠢ ᠪᠠᠶᠢᠷᠢᠯᠠᠭᠤᠯᠤᠭᠰᠠᠨ ᠪᠠᠶᠢᠨ᠎ᠠ᠃     ᠬᠤᠷᠠᠯ ᠠᠴᠠ᠂ 2024 ᠣᠨ ᠪᠣᠯ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ ᠪᠤᠯᠬᠤ ᠪᠦᠭᠡᠳ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠬᠡᠷᠡᠭᠵᠢᠭᠦᠯᠬᠦ ᠵᠠᠩᠭᠢᠯᠠᠭ᠎ᠠ ᠶᠢᠨ ᠨᠢᠭᠡ ᠵᠢᠯ ᠤᠴᠢᠷ ᠠᠴᠠ ᠵᠣᠬᠢᠶᠠᠨ ᠪᠠᠶᠢᠭᠤᠯᠬᠤ᠂ ᠤᠬᠠᠭᠤᠯᠬᠤ ᠠᠵᠢᠯ ᠢ ᠰᠠᠶᠢᠲᠤᠷ ᠬᠢᠬᠦ ᠬᠠᠷᠢᠭᠤᠴᠠᠯᠭ᠎ᠠ ᠶᠡᠭᠡ᠂ ᠡᠭᠦᠷᠭᠡ ᠬᠦᠨᠳᠦ ᠪᠠᠶᠢᠭ᠎ᠠ ᠶᠤᠮ᠃ ᠵᠣᠬᠢᠶᠠᠨ ᠪᠠᠶᠢᠭᠤᠯᠬᠤ ᠠᠵᠢᠯ ᠨᠢ ᠣᠨᠣᠯ ᠢᠶᠠᠷ ᠵᠡᠪᠰᠡᠭᠯᠡᠬᠦ᠂ ᠮᠡᠷᠭᠡᠳ ᠢ ᠰᠣᠩᠭᠤᠨ ᠴᠢᠳᠠᠪᠤᠷᠢᠲᠠᠨ ᠢ ᠬᠡᠷᠡᠭᠯᠡᠬᠦ᠂ ᠰᠠᠭᠤᠷᠢ ᠶᠢ ᠴᠢᠩᠭᠠᠳᠬᠠᠨ ᠦᠨᠳᠦᠰᠦ ᠶᠢ ᠪᠠᠬᠢᠵᠢᠭᠦᠯᠬᠦ ᠵᠡᠷᠭᠡ ᠭᠤᠤᠯᠳᠠᠯᠭ᠎ᠠ ᠲᠠᠢ ᠠᠵᠢᠯ ᠤᠨ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠮ ᠤᠨ ᠤᠯᠤᠰ ᠲᠥᠷᠥ ᠶᠢᠨ ᠪᠠᠶᠢᠭᠤᠯᠤᠯᠲᠠ ᠶᠢ ᠴᠢᠩᠭᠠᠳᠬᠠᠵᠤ᠂ ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ᠂ ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠵᠤ᠂ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠬᠦᠨᠳᠦ ᠡᠭᠦᠷᠭᠡ ᠶᠢ ᠡᠭᠦᠷᠭᠡᠯᠡᠵᠦ ᠳᠡᠶᠢᠯᠬᠦ ᠥᠨᠳᠥᠷ ᠬᠡᠪ ᠪᠣᠯᠪᠠᠰᠤᠷᠠᠯ ᠲᠠᠢ ᠺᠠᠳ᠋ᠷ ᠤᠨ ᠡᠩᠨᠡᠭᠡ ᠶᠢ ᠳᠠᠪᠲᠠᠨ ᠪᠣᠯᠪᠠᠰᠤᠷᠠᠭᠤᠯᠵᠤ᠂ ᠤᠷᠢᠵᠦ ᠬᠡᠷᠡᠭᠯᠡᠬᠦ ᠡᠷᠴᠢᠮ ᠢᠶᠠᠨ ᠴᠢᠩᠭᠠᠷᠠᠭᠤᠯᠤᠨ᠂ ᠴᠢᠨᠠᠷ ᠰᠠᠶᠢᠲᠠᠶ ᠬᠥᠭᠵᠢᠯᠲᠡ ᠳᠤ ᠦᠶᠯᠡᠴᠢᠯᠡᠬᠦ ᠥᠨᠳᠥᠷ ᠬᠡᠪ ᠪᠣᠯᠪᠠᠰᠤᠷᠠᠯ ᠲᠠᠢ ᠴᠢᠳᠠᠪᠤᠷᠢᠲᠠᠨ  ᠤ ᠡᠩᠨᠡᠭᠡ ᠶᠢ ᠪᠠᠶᠢᠭᠤᠯᠬᠤ ᠬᠡᠷᠡᠭᠲᠡᠶ ᠃ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠳᠣᠪᠣᠶᠢᠯᠭᠠᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠪᠣᠳᠠᠲᠠᠶ ᠠᠳᠬᠤᠵᠤ᠂ ᠦᠨᠳᠦᠰᠦᠨ ᠱᠠᠲᠤᠨ  ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠥᠷᠥ ᠶᠢᠨ ᠴᠢᠳᠠᠪᠬᠢ ᠪᠠ ᠵᠣᠬᠢᠶᠠᠨ ᠪᠠᠶᠢᠭᠤᠯᠤᠯᠲᠠ ᠶᠢᠨ ᠴᠢᠳᠠᠪᠬᠢ ᠶᠢ ᠴᠢᠩᠭᠠᠳᠬᠠᠵᠤ᠂ ᠪᠥᠬᠦ ᠬᠤᠰᠢᠭᠤᠨ ᠤ ᠡᠯ᠎ᠡ ᠲᠥᠷᠥᠯ ᠤᠨ ᠠᠵᠢᠯ ᠦᠶᠯᠡᠰ ᠤᠨ ᠴᠢᠨᠠᠷ ᠰᠠᠶᠢᠲᠠᠶ ᠬᠥᠭᠵᠢᠯᠲᠡ ᠳᠤ ᠪᠠᠲᠤ ᠪᠠᠬᠢ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠬᠤ ᠬᠡᠷᠡᠭᠳᠡᠢ᠃ ᠤᠬᠠᠭᠤᠯᠭ᠎ᠠ ᠶᠢᠨ ᠠᠵᠢᠯ ᠨᠢ ᠨᠠᠮ ᠠᠴᠠ ᠤᠬᠠᠭᠤᠯᠭ᠎ᠠ ᠦᠵᠡᠯ ᠰᠠᠨᠠᠭ᠎ᠠ ᠰᠤᠶᠤᠯ ᠤᠨ ᠠᠵᠢᠥᠯ ᠢ ᠤᠳᠤᠷᠢᠳᠬᠤ ᠶᠢ ᠴᠢᠩᠭᠠᠳᠬᠠᠵᠤ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠤᠬᠠᠭᠤᠯᠵᠤ ᠲᠤᠭᠤᠰᠢᠯᠠᠭᠤᠯᠤᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮᠳᠤ ᠦᠵᠡᠯ  ᠢᠶᠠᠷ ᠰᠡᠳᠬᠢᠯ ᠨᠢᠭᠡᠳᠦᠨ ᠰᠦᠭ ᠰᠦᠨᠡᠰᠦ ᠪᠠᠨ ᠴᠤᠭᠴᠠᠯᠠᠬᠤ ᠶᠢ ᠪᠠᠷᠢᠮᠳᠠᠯᠠᠵᠤ᠂ ᠨᠠᠮ ᠤᠨ ᠰᠢᠨ᠎ᠡ ᠶᠢ ᠡᠭᠦᠳᠬᠦ ᠤᠨᠤᠯ ᠢᠶᠠᠷ ᠳᠠᠷᠢᠬᠢ ᠳᠤᠯᠤᠭᠠᠢ ᠪᠠᠨ ᠵᠡᠪᠰᠡᠭᠯᠡᠬᠦ ᠶᠢ ᠠᠬᠢᠭᠤᠯᠬᠤ ᠬᠡᠷᠡᠭᠳᠡᠢ᠃ ᠭᠤᠤᠯ ᠦᠵᠡᠯ ᠰᠠᠨᠠᠭ᠎ᠠ ᠶᠠᠷᠢᠶ᠎ᠠ ᠬᠡᠯᠡᠯᠴᠡᠭᠡ ᠶᠢ ᠲᠠᠰᠤᠷᠠᠯᠲᠠ ᠥᠬᠡᠶ ᠪᠠᠬᠢᠵᠢᠭᠦᠯᠦᠨ ᠬᠥᠭᠵᠢᠭᠦᠯᠵᠦ᠂ ᠤᠮᠠᠷᠠᠲᠤ ᠬᠢᠯᠢ ᠶᠢᠨ ᠰᠣᠶᠣᠯ ᠤᠨ ᠲᠥᠷᠥᠯ ᠲᠡᠮᠳᠡᠭ ᠤᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ ᠦᠵᠡᠯᠲᠡ ᠶᠢ ᠦᠢᠯᠡᠳᠦᠯᠭᠡᠵᠢᠬᠦᠯᠦᠨ᠂ ᠤᠶᠤᠨ ᠤ ᠪᠤᠯᠪᠠᠰᠤᠨ ᠤ ᠪᠦᠲᠦᠭᠡᠨ ᠪᠠᠶᠢᠭᠤᠯᠤᠯᠳᠠ ᠶᠢ ᠯᠠᠪᠳᠠᠭᠤᠨ ᠢᠶᠠᠷ ᠲᠦᠯᠬᠢᠨ ᠠᠬᠢᠭᠤᠯᠬᠤ ᠬᠡᠷᠡᠭᠳᠡᠢ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠵᠤ᠂ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠤ ᠠᠮᠤᠷ ᠲᠦᠪᠰᠢᠨ ᠢ ᠡᠷᠡᠰ ᠬᠠᠮᠠᠭᠠᠯᠠᠬᠤ ᠬᠡᠷᠡᠭᠳᠡᠢ ᠭᠡᠵᠦ ᠴᠢᠬᠤᠯᠠᠴᠢᠯᠠᠭᠰᠠᠨ ᠪᠠᠶᠢᠨ᠎ᠠ᠃      ᠬᠤᠷᠠᠯ ᠠᠴᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠳᠠᠨ ᠠᠵᠢᠯ ᠤᠨ ᠬᠠᠷᠢᠭᠤᠴᠠᠯᠭ᠎ᠠ ᠪᠠᠨ ᠤᠯᠠᠮ ᠴᠢᠨᠠᠭᠰᠢᠳᠠ ᠪᠣᠳᠠᠲᠠᠶᠢᠵᠢᠭᠤᠯᠵᠤ᠂ ᠭᠤᠤᠯᠳᠠᠯᠭ᠎ᠠ ᠲᠠᠢ ᠠᠵᠢᠯ ᠡᠭᠦᠷᠭᠡ ᠶᠢ ᠪᠡᠶ᠎ᠡ ᠪᠠᠷ  ᠢᠶᠠᠨ ᠲᠥᠯᠥᠪᠵᠢᠭᠦᠯᠬᠦ᠂ ᠪᠡᠶ᠎ᠡ ᠪᠠᠷ ᠢᠶᠠᠨ ᠪᠠᠶᠢᠴᠠᠭᠠᠬᠤ᠂ ᠪᠡᠶ᠎ᠡ ᠪᠠᠷ ᠢᠶᠠᠨ ᠨᠠᠶᠢᠳᠠᠪᠤᠷᠢᠵᠢᠭᠤᠯᠬᠤ ᠶᠢ ᠪᠠᠷᠢᠮᠲᠠᠯᠠᠵᠤ᠂ ᠠᠰᠠᠭᠤᠳᠠᠯ ᠢ ᠨᠢᠭᠡᠳᠦᠭᠡᠷ ᠹᠷᠣᠨᠲ ᠲᠤ ᠰᠢᠶᠳᠪᠦᠷᠢᠯᠡᠬᠦ᠂ ᠠᠵᠢᠯ ᠢ ᠨᠢᠭᠡᠳᠦᠭᠡᠷ ᠹᠷᠣᠨᠲ ᠲᠤ ᠨᠠᠶᠢᠳᠠᠪᠤᠷᠢᠵᠢᠭᠤᠯᠬᠤ  ᠶᠢ ᠠᠬᠢᠭᠤᠯᠬᠤ ᠬᠡᠷᠡᠭᠲᠡᠶ᠃ ᠵᠣᠬᠢᠶᠠᠨ ᠪᠠᠶᠢᠭᠤᠯᠬᠤ ᠪᠠ ᠤᠬᠠᠭᠤᠯᠬᠤ ᠰᠠᠯᠠᠭ᠎ᠠ ᠮᠥᠴᠢᠷ ᠪᠦᠬᠦ ᠲᠠᠯ᠎ᠠ ᠶᠢᠨ ᠦᠵᠡᠯ ᠰᠠᠨᠠᠭ᠎ᠠ ᠶᠢ ᠪᠠᠷᠢᠮᠲᠠᠯᠠᠨ᠂ ᠰᠢᠰᠲ᠋ᠧᠮ ᠪᠠ ᠬᠡᠰᠡᠭ ᠢ ᠤᠶᠠᠯᠳᠤᠭᠤᠯᠬᠤ᠂ ᠳᠠᠪᠠᠭᠤᠯᠢᠭ ᠲᠠᠯ᠎ᠠ ᠪᠠᠷ ᠢᠶᠠᠨ ᠬᠠᠷᠢᠯᠴᠠᠨ ᠨᠥᠬᠦᠪᠥᠷᠢᠯᠡᠬᠦ ᠵᠠᠷᠴᠢᠮ ᠶᠣᠰᠣᠭᠠᠷ ᠲᠤᠰ ᠲᠤᠰ ᠤᠨ ᠡᠭᠦᠷᠭᠡ  ᠬᠠᠷᠢᠭᠤᠴᠠᠯᠭ᠎ᠠ ᠪᠠᠨ ᠭᠦᠢᠴᠡᠳᠬᠡᠬᠦ ᠰᠠᠭᠤᠷᠢᠨ ᠳᠡᠭᠡᠷ᠎ᠡ ᠬᠠᠮᠲᠤᠷᠠᠯᠴᠠᠭ᠎ᠠ ᠪᠠᠨ ᠴᠢᠩᠭᠠᠳᠬᠠᠵᠤ᠂ ᠡᠯ᠎ᠡ ᠵᠦᠢᠯ ᠤᠨ ᠠᠵᠢᠯ ᠤᠨ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠭᠰᠠᠨ ᠪᠠᠶᠢᠨ᠎ᠠ᠃      ᠡᠯ᠎ᠡ ᠰᠤᠮᠤ ᠪᠠᠯᠭᠠᠰᠤ ᠲᠠᠯᠠᠪᠠᠢ ᠶᠢᠨ ᠭᠤᠣᠯ ᠤᠳᠤᠷᠢᠳᠤᠯᠭ᠎ᠠ᠂ ᠵᠣᠬᠢᠶᠠᠨ ᠪᠠᠶᠢᠭᠤᠯᠬᠤ ᠭᠡᠰᠢᠭᠦᠨ᠂ ᠤᠬᠠᠭᠤᠯᠬᠤ ᠭᠡᠰᠢᠭᠦᠨ᠂ ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠠᠷᠠᠳ ᠤᠨ ᠪᠦᠯᠬᠦᠮ ᠤᠨ ᠭᠤᠣᠯ ᠬᠠᠷᠢᠭᠤᠴᠠᠯᠭᠠᠲᠠᠨ᠂ ᠵᠣᠬᠢᠶᠠᠨ ᠪᠠᠶᠢᠭᠤᠯᠬᠤ ᠬᠡᠯᠲᠡᠰ᠂ ᠤᠬᠠᠭᠤᠯᠬᠤ ᠬᠡᠯᠲᠡᠰ ᠤᠨ ᠤᠳᠤᠷᠢᠳᠬᠤ ᠪᠠᠭ ᠤᠨ ᠪᠦᠷᠢᠯᠳᠦᠬᠦᠨ ᠬᠤᠷᠠᠯ ᠳᠤ ᠤᠷᠤᠯᠴᠠᠵᠠᠢ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号