ᠰᠢᠯᠤᠭᠤᠨ ᠬᠥᠬᠡ ᠬᠤᠰᠢᠭᠤ 2024 ᠣᠨ ᠤ ᠬᠠᠪᠤᠷ ᠤᠨ ᠤᠯᠠᠷᠢᠯ ᠤᠨ ᠪᠡᠯᠴᠢᠭᠡᠷ ᠰᠡᠷᠭᠦᠭᠡᠬᠦ ᠬᠤᠭᠤᠴᠠᠭᠠᠨ ᠳᠠᠬᠢ ᠮᠠᠯ ᠬᠠᠰᠢᠶᠠᠯᠠᠭ᠎ᠠ ᠶᠢᠨ ᠠᠵᠢᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/7
      4 ᠰᠠᠷ᠎ᠠ ᠶᠢᠨ 3 ᠤ ᠡᠳᠦᠷ᠂ ᠰᠢᠯᠤᠭᠤᠨ ᠬᠥᠬᠡ ᠬᠤᠰᠢᠭᠤ 2024 ᠣᠨ ᠤ ᠬᠠᠪᠤᠷ ᠤᠨ ᠤᠯᠠᠷᠢᠯ ᠤᠨ ᠪᠡᠯᠴᠢᠭᠡᠷ ᠰᠡᠷᠭᠦᠭᠡᠭᠦ ᠬᠤᠭᠤᠴᠠᠭᠠᠨ ᠳᠠᠬᠢ ᠮᠠᠯ ᠬᠠᠰᠢᠶᠠᠯᠠᠭ᠎ᠠ ᠶᠢᠨ ᠠᠵᠢᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠪᠠ᠃ ᠬᠤᠰᠢᠭᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠡᠳ᠋ ᠤᠨ ᠵᠠᠰᠠᠭ ᠤᠨ ᠲᠤᠪᠴᠢᠶᠠᠨ ᠠᠴᠠ ᠬᠠᠪᠤᠷ ᠤᠨ ᠤᠯᠠᠷᠢᠯ ᠤᠨ ᠪᠡᠯᠴᠢᠭᠡᠷ ᠰᠡᠷᠭᠦᠭᠡᠬᠦ ᠬᠤᠭᠤᠴᠠᠭᠠᠨ ᠳᠠᠬᠢ ᠮᠠᠯ ᠬᠠᠰᠢᠶᠠᠯᠠᠭ᠎ᠠ ᠶᠢᠨ ᠠᠵᠢᠯ ᠤᠨ ᠬᠠᠮᠢᠶ᠎ᠠ ᠲᠠᠢ ᠲᠥᠷᠥ  ᠶᠢᠨ ᠪᠣᠳᠣᠯᠭ᠎ᠠ ᠳᠤ ᠲᠠᠶᠢᠯᠤᠮᠵᠢ ᠬᠢᠵᠦ᠂ ᠬᠤᠰᠢᠭᠤ ᠣᠶ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠪᠠ ᠡᠯ᠎ᠡ ᠰᠤᠮᠤ ᠪᠠᠯᠭᠠᠰᠤ ᠲᠠᠯᠠᠪᠠᠶ ᠶᠢᠨ ᠬᠠᠮᠢᠶ᠎ᠠ ᠲᠠᠢ ᠬᠥᠮᠦᠰ ᠵᠢᠴᠢ ᠬᠠᠮ ᠵᠠᠭᠤᠴᠢᠯᠠᠭᠤᠷ ᠤᠨ ᠰᠤᠷᠪᠤᠯᠵᠢᠯᠠᠭᠴᠢ ᠰᠣᠨᠢᠨ ᠮᠡᠳᠡᠭᠡ ᠨᠡᠶᠢᠲᠡᠯᠡᠬᠦ ᠬᠤᠷᠠᠯ ᠳᠤ  ᠤᠷᠤᠯᠴᠠᠭᠰᠠᠨ  ᠪᠠᠶᠢᠨ᠎ᠠ᠃      ᠣᠶᠢᠯᠠᠭᠠᠭᠰᠠᠨ ᠢᠶᠠᠷ᠂ ᠪᠥᠬᠦ ᠠᠶᠢᠮᠠᠭ ᠤᠨ ᠨᠢᠭᠡᠳᠦᠯᠲᠡᠶ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠰᠢᠯᠤᠭᠤᠨ ᠬᠥᠬᠡ ᠬᠤᠰᠢᠭᠤᠨ ᠤ 2024 ᠣᠨ ᠤ ᠬᠠᠪᠤᠷ ᠤᠨ ᠤᠯᠠᠷᠢᠯ ᠤᠨ ᠪᠡᠯᠴᠢᠭᠡᠷ ᠰᠡᠷᠭᠦᠭᠡᠭᠦ ᠠᠵᠢᠯ 4 ᠰᠠᠷ᠎ᠠ ᠶᠢᠨ 10 ᠤ ᠡᠳᠦᠷ ᠠᠴᠠ 5 ᠰᠠᠷ᠎ᠠ ᠶᠢᠨ 25 ᠤ ᠡᠳᠦᠷ ᠬᠦᠷᠳᠡᠯ᠎ᠡ ᠶᠠᠪᠤᠭᠳᠠᠬᠤ ᠪᠠᠷ ᠪᠠᠶᠢᠵᠦ᠂ ᠪᠥᠬᠦ ᠬᠤᠰᠢᠭᠤᠨ ᠤ 7 ᠰᠤᠮᠤ ᠪᠠᠯᠭᠠᠰᠤᠨ ︵ᠲᠠᠯᠠᠪᠠᠶ︶ ᠤ 89 ᠭᠠᠴᠠᠭᠠᠨ ︵ᠲᠣᠰᠬᠤᠨ︶ ᠤ 1136.32 ᠲᠦᠮᠡᠨ ᠮᠥ ᠨᠤᠳᠤᠭ ᠪᠡᠯᠴᠢᠭᠡᠷ ᠲᠤ ᠬᠡᠷᠡᠭᠵᠢᠬᠦᠯᠬᠦ ᠪᠣᠯᠤᠨ᠎ᠠ᠃ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠶ ᠶᠢᠨ ᠨᠦᠬᠦᠪᠦᠷᠢᠯᠡᠵᠦ ᠱᠠᠩᠨᠠᠬᠤ ᠲᠥᠷᠥ ᠶᠢᠨ ᠪᠣᠳᠣᠯᠭ᠎ᠠ ᠲᠠᠢ ᠤᠶᠠᠯᠳᠤᠭᠤᠯᠤᠨ᠂ ᠪᠥᠬᠦ ᠬᠤᠰᠢᠭᠤᠨ ᠤ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠲᠤᠭᠤᠷᠢᠭ ᠲᠤ ᠬᠠᠪᠤᠷ ᠤᠨ ᠤᠯᠠᠷᠢᠯ ᠤᠨ ᠪᠡᠯᠴᠢᠭᠡᠷ ᠰᠡᠷᠭᠦᠭᠡᠬᠦ ᠲᠦᠷᠢᠮ ᠢ ᠭᠡᠷᠡᠭᠵᠢᠬᠦᠯᠦᠨ᠂ ᠪᠡᠯᠴᠢᠭᠡᠷᠯᠡᠬᠦᠯᠬᠦ ᠶᠢ ᠬᠤᠷᠢᠭᠯᠠᠬᠤ ᠭᠠᠴᠠᠭ᠎ᠠ ᠪᠠ ᠲᠠᠷᠢᠶᠠᠯᠠᠬᠤ ᠣᠷᠣᠨ ᠳᠤ ᠪᠥᠬᠦ ᠵᠢᠯ  ᠢᠶᠠᠷ ᠪᠡᠯᠴᠢᠭᠡᠷᠯᠡᠬᠦᠯᠬᠦ ᠶᠢ ᠬᠤᠷᠢᠭᠯᠠᠬᠤ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠴᠢᠩᠭ᠎ᠠ ᠬᠡᠷᠡᠭᠵᠢᠭᠦᠯᠦᠨ᠎ᠡ᠃      ᠪᠡᠯᠴᠢᠭᠡᠷ ᠰᠡᠷᠭᠦᠭᠡᠬᠦ ᠨᠥᠬᠦᠪᠥᠷᠢ ᠶᠢᠨ ᠪᠠᠷᠢᠮᠵᠢᠶ᠎ᠠ ᠨᠢ ᠮᠤ᠋ ᠪᠦᠷᠢ ᠳᠤ 1.125 ᠲᠥᠭᠦᠷᠢᠭ ᠪᠠᠶᠢᠵᠦ᠂ ᠡᠷᠦᠬᠡ ᠪᠦᠷᠢ ᠶᠢᠨ ᠨᠤᠲᠤᠭ ᠪᠡᠯᠴᠢᠭᠡᠷ ᠤᠨ ᠲᠠᠯᠠᠪᠠᠶ ᠪᠠᠷ ᠪᠤᠳᠤᠵᠤ᠂ ᠨᠦᠬᠦᠪᠦᠷᠢ ᠶᠢ ᠮᠠᠯ ᠬᠠᠰᠢᠶᠠᠯᠠᠭ᠎ᠠ ᠶᠢᠨ ᠠᠵᠢᠯ ᠳᠠᠭᠤᠰᠤᠭᠰᠠᠨ ᠤ ᠳᠠᠷᠠᠭ᠎ᠠ ᠬᠠᠰᠢᠶᠠᠯᠠᠨ ᠮᠠᠯᠵᠢᠭᠰᠠᠨ ᠪᠣᠳᠠᠲᠤ ᠪᠠᠶᠢᠳᠠᠯ ᠢ ᠦᠨᠳᠦᠰᠦᠯᠡᠨ᠂ ᠭᠠᠴᠠᠭᠠᠨ ︵ᠲᠣᠰᠬᠤᠨ︶ ᠤ ᠳᠣᠲᠣᠭᠠᠳᠤ ᠳᠤ ᠨᠡᠶᠢᠲᠡᠯᠡᠭᠡᠳ ᠰᠠᠨᠠᠯ ᠥᠬᠡᠶ ᠪᠣᠯ ︽ᠨᠢᠭᠡ ᠺᠠᠷᠲ︾ ᠢᠶᠠᠷ ᠳᠠᠮᠵᠢᠭᠤᠯᠤᠨ ᠪᠠᠭᠤᠯᠭᠠᠬᠤ ᠪᠤᠯᠤᠨ᠎ᠠ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号