ᠯᠢᠦ ᠰᠢᠶᠤᠤ ᠮᠢᠨ ᠭᠤᠤᠯᠳᠠᠯᠭ᠎ᠠ ᠲᠠᠢ ᠲᠥᠷᠥᠯ ᠵᠦᠶᠯ ᠤᠨ ᠦᠢᠯᠡᠳᠪᠦᠷᠢᠯᠡᠯ ᠡᠬᠢᠯᠡᠭᠰᠡᠨ ᠪᠠᠶᠢᠳᠠᠯ ᠪᠠ ᠬᠡᠰᠡᠭ ᠨᠢᠳᠤᠯᠵᠤ ᠡᠳ᠋ᠰᠢᠬᠦᠯᠬᠦ ᠠᠵᠤ ᠠᠬᠤᠶᠢᠯᠠᠯ ᠤᠨ ᠦᠶᠯᠡᠳᠪᠦᠷᠢᠯᠡᠯ ᠢ ᠪᠠᠶᠢᠴᠠᠭᠠᠨ ᠵᠢᠯᠤᠭᠤᠳᠪᠠ
ᠨᠡᠶᠢᠲᠡᠯᠡᠭᠰᠡᠨ ᠴᠠᠭ᠄
2024/4/7
     4 ᠰᠠᠷ᠎ᠠ ᠶᠢᠨ 3 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠯᠢᠦ ᠰᠢᠶᠤᠤ ᠮᠢᠨ ᠭᠤᠤᠯᠳᠠᠯᠭ᠎ᠠ ᠲᠠᠢ ᠲᠥᠷᠥᠯ ᠵᠦᠶᠯ ᠤᠨ ᠦᠢᠯᠡᠳᠪᠦᠷᠢᠯᠡᠯ ᠡᠬᠢᠯᠡᠭᠰᠡᠨ ᠪᠠᠶᠢᠳᠠᠯ ᠪᠣᠯᠤᠨ ᠬᠡᠰᠡᠭ ᠨᠢᠳᠤᠯᠵᠤ ᠡᠳ᠋ᠰᠢᠬᠦᠯᠬᠦ ᠠᠵᠤ ᠠᠬᠤᠶᠢᠯᠠᠯ ᠤᠨ ᠦᠶᠯᠡᠳᠪᠦᠷᠢᠯᠡᠯ ᠤᠨ ᠪᠠᠶᠢᠳᠠᠯ ᠢ ᠪᠠᠶᠢᠴᠠᠭᠠᠨ ᠵᠢᠯᠤᠭᠤᠳᠤᠭᠰᠠᠨ ᠪᠠᠶᠢᠨ᠎ᠠ᠃     ᠯᠢᠦ ᠰᠢᠶᠤᠤ ᠮᠢᠨ ᠨᠡᠷ ᠶᠤᠸᠠᠨ ᠤ ᠳᠡᠭᠡᠳᠦ ᠨᠡᠶᠢᠰᠯᠡᠯ ᠤᠨ ᠠᠳᠤᠭᠤᠨ ᠤ ᠬᠦᠷᠢᠶᠡᠯᠡᠩ᠂ ᠰᠢ ᠬᠤᠸᠠ ᠰᠢᠤᠸᠠᠨ ᠣᠯᠠᠨ ᠤᠯᠤᠰ ᠤᠨ ᠬᠤᠳᠠᠯᠳᠤᠭᠠᠨ ᠤ ᠶᠠᠪᠤᠳᠠᠯ ᠤᠨ ᠪᠠᠭᠤᠳᠠᠯ᠂ ᠶᠢᠨ ᠴᠧᠩ ᠨᠠᠰᠤᠲᠠᠶᠢᠴᠤᠳ ᠤᠨ ᠡᠷᠡᠭᠦᠯᠵᠢᠯ ᠰᠤᠪᠢᠯᠠᠯᠲᠠ ᠶᠢᠨ ᠲᠥᠪ ᠵᠡᠷᠭᠡ ᠲᠥᠷᠥᠯ ᠵᠦᠶᠯ ᠤᠨ ᠪᠠᠷᠢᠯᠭ᠎ᠠ ᠶᠢᠨ ᠲᠠᠯᠠᠪᠠᠶ ᠳᠤ ᠬᠦᠷᠴᠦ᠂ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ ᠶᠢ ᠰᠣᠨᠣᠰᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠪᠥᠲᠥᠭᠡᠨ ᠪᠠᠶᠢᠭᠤᠯᠤᠯᠲᠠ ᠶᠢᠨ ᠠᠬᠢᠴᠠ᠂ ᠦᠶᠯᠡᠴᠢᠯᠡᠭᠡᠨ ᠤ ᠲᠣᠬᠢᠷᠠᠭᠤᠯᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠲᠥᠷᠥᠯ ᠵᠦᠶᠯ ᠢ ᠠᠬᠢᠭᠤᠯᠬᠤ ᠳᠤᠮᠳᠠ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠲᠤᠬᠠᠶ ᠶᠢᠨ ᠲᠠᠯᠠᠪᠠᠶ ᠳᠤ ᠵᠣᠬᠢᠴᠠᠭᠤᠯᠤᠨ ᠰᠢᠶᠳᠪᠦᠷᠢᠯᠡᠭᠰᠡᠨ ᠪᠥᠭᠡᠳ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠦᠷᠭᠡᠳᠬᠡᠨ ᠠᠬᠢᠭᠤᠯᠬᠤ᠂ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠲᠤᠬᠠᠶ ᠪᠣᠳᠠᠲᠠᠶ ᠱᠠᠭᠠᠷᠳᠠᠯᠭ᠎ᠠ ᠲᠤᠷᠠᠳᠤᠭᠰᠠᠨ ᠪᠠᠶᠢᠨ᠎ᠠ᠃      ᠯᠢᠦ ᠰᠢᠶᠤᠤ ᠮᠢᠨ᠂ ᠡᠯ᠎ᠡ ᠬᠠᠮᠢᠶ᠎ᠠ ᠲᠠᠢ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠪᠠᠨ ᠨᠢᠭᠡᠳᠬᠡᠵᠦ᠂ ᠲᠠᠨᠢᠯᠲᠠ ᠪᠠᠨ ᠳᠡᠭᠡᠭᠰᠢᠯᠡᠭᠦᠯᠦᠨ᠂ ᠰᠠᠯᠠᠭ᠎ᠠ ᠮᠥᠴᠢᠷ ᠤᠨ ᠵᠣᠬᠢᠴᠠᠭᠤᠯᠭ᠎ᠠ ᠪᠠᠨ ᠴᠢᠩᠭᠠᠳᠬᠠᠵᠤ᠂ ᠠᠵᠢᠯ ᠤᠨ ᠬᠠᠮᠲᠤᠷᠠᠯ ᠬᠦᠴᠦᠨ ᠢ ᠨᠢᠭᠲᠠᠷᠠᠭᠤᠯᠤᠨ᠂ ᠲᠦᠷᠦᠯ ᠵᠦᠢᠯ ᠤᠨ ᠲᠥᠯᠥᠪᠵᠢᠭᠦᠯᠭᠡ᠂ ᠵᠢᠷᠤᠭ ᠲᠥᠯᠥᠪᠯᠡᠭᠡ ᠪᠠ ᠪᠦᠳᠦᠭᠡᠨ ᠪᠠᠶᠢᠭᠤᠯᠤᠯᠲᠠ ᠶᠢ ᠤᠯᠠᠮ ᠴᠢᠨᠠᠭᠰᠢᠳᠠ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠡᠯ᠎ᠡ ᠭᠤᠭᠴᠤᠭ᠎ᠠ ᠶᠢᠨ ᠠᠵᠢᠯ ᠢ ᠤᠷᠤᠭᠰᠢᠲᠠᠢ᠂ ᠥᠨᠳᠥᠷ ᠪᠦᠲᠦᠮᠵᠢᠲᠡᠢ ᠶᠠᠪᠤᠭᠳᠠᠬᠤ ᠶᠢ ᠪᠠᠲᠤᠯᠠᠬᠤ ᠬᠡᠷᠡᠭᠲᠡᠢ᠃ ᠪᠠᠷᠢᠯᠭ᠎ᠠ ᠶᠢ ᠰᠢᠨᠵᠢᠯᠡᠬᠦ ᠤᠬᠠᠭᠠᠨᠴᠢ ᠪᠠᠷ ᠲᠦᠰᠦᠪᠯᠡᠵᠦ ᠪᠠᠷᠢᠬᠤ᠂  ᠪᠠᠷᠢᠯᠭ᠎ᠠ ᠶᠢᠨ ᠠᠮᠤᠷ ᠲᠦᠪᠰᠢᠨ ᠵᠢᠴᠢ ᠪᠦᠲᠦᠮᠵᠢᠲᠡᠶ ᠬᠠᠮᠢᠶᠠᠷᠬᠤ ᠶᠢ ᠪᠠᠷᠢᠮᠲᠠᠯᠠᠵᠤ᠂ ᠪᠠᠷᠢᠯᠭ᠎ᠠ ᠶᠢᠨ ᠲᠥᠯᠥᠪᠯᠡᠭᠡ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠪᠠᠷᠢᠯᠭ᠎ᠠ ᠶᠢᠨ ᠬᠤᠭᠤᠴᠠᠭ᠎ᠠ ᠶᠢ ᠲᠤᠭᠳᠠᠭᠠᠵᠤ᠂ ᠡᠯ᠎ᠡ ᠭᠤᠭᠴᠤᠭᠠᠨ ᠤ ᠠᠵᠢᠯ ᠢ ᠢᠳᠡᠪᠬᠢᠲᠡᠶ ᠠᠬᠢᠭᠤᠯᠤᠨ᠂ ᠲᠥᠷᠥᠯ ᠵᠦᠶᠯ ᠢ ᠡᠷᠲᠡᠬᠡᠨ ᠡᠬᠢᠯᠡᠭᠦᠯᠵᠦ᠂ ᠡᠷᠲᠡᠬᠡᠨ ᠦᠷ᠎ᠡ ᠪᠦᠲᠦᠮᠵᠢ ᠭᠠᠷᠭᠠᠬᠤ ᠪᠠᠷ ᠴᠢᠷᠮᠠᠶᠢᠬᠤ ᠬᠡᠷᠡᠭᠲᠡᠶ ᠭᠡᠵᠦ ᠴᠢᠬᠤᠯᠠᠴᠢᠯᠠᠵᠠᠢ᠃       ᠵᠠᠯᠭᠠᠭᠠᠳ ᠳᠡᠳᠡ ᠵᠧᠩ ᠾᠧ ᠮᠢᠬᠠᠨ ᠤ ᠦᠶᠯᠡᠰ ᠪᠠ ᠶᠤᠸᠠᠨ ᠶᠤᠸᠠᠨ ᠨᠢᠳᠤᠯᠬᠤ ᠲᠠᠯᠠᠪᠠᠶ ᠳᠤ ᠬᠦᠷᠴᠦ᠂ ᠬᠠᠷᠢᠭᠤ ᠮᠡᠳᠡᠭᠦᠯᠦᠯᠲᠡ ᠰᠣᠨᠣᠰᠬᠤ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠶᠠᠷᠢᠯᠴᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠮᠠᠨ ᠤ ᠬᠤᠰᠢᠭᠤᠨ ᠤ ᠤᠯᠠᠭᠠᠨ ᠢᠳᠡᠭᠡᠨ᠂ ᠨᠢᠲᠤᠯᠵᠤ ᠡᠳ᠋ᠰᠢᠭᠦᠯᠬᠦ ᠪᠠᠶᠢᠳᠠᠯ ᠢ ᠪᠠᠶᠢᠴᠠᠭᠠᠨ ᠰᠤᠳᠤᠯᠵᠤ᠂ ᠠᠵᠤ ᠠᠬᠤᠶᠢᠯᠠᠯ ᠤᠨ ᠣᠳᠣᠬᠠᠨ ᠤ ᠨᠢᠲᠤᠯᠵᠤ ᠪᠤᠯᠪᠠᠰᠤᠷᠠᠭᠤᠯᠵᠤ ᠪᠠᠶᠢᠭ᠎ᠠ ᠪᠠᠶᠢᠳᠠᠯ᠂ ᠬᠥᠮᠥᠷᠭᠡ ᠶᠢᠨ ᠬᠠᠳᠠᠭᠠᠯᠠᠯᠲᠠ ᠶᠢᠨ ᠬᠡᠮᠵᠢᠶ᠎ᠡ᠂ ᠪᠣᠷᠣᠯᠠᠭᠤᠯᠭ᠎ᠠ  ᠶᠢᠨ ᠠᠷᠭ᠎ᠠ ᠵᠠᠮ᠂ ᠡᠵᠡᠩᠨᠡᠨ ᠪᠣᠷᠣᠯᠠᠭᠤᠯᠬᠤ ᠵᠠᠭᠪᠤᠷ ᠪᠣᠯᠤᠨ ᠣᠷᠣᠰᠢᠵᠤ ᠪᠠᠶᠢᠭ᠎ᠠ ᠠᠰᠠᠭᠤᠳᠠᠯ ᠢ ᠨᠠᠷᠢᠨ ᠤᠶᠢᠯᠠᠭᠠᠭᠰᠠᠨ ᠪᠦᠭᠡᠳ ᠠᠵᠤ ᠠᠬᠤᠶᠢᠯᠠᠯ ᠤᠨ ᠲᠠᠷᠠᠭᠠᠴᠢ ᠶᠢᠨ ᠠᠯᠬᠤᠮ ᠤᠨ ᠬᠥᠭᠵᠢᠯᠲᠡ ᠶᠢᠨ ᠲᠥᠯᠥᠪᠵᠢᠭᠦᠯᠭᠡ  ᠶᠢᠨ ᠲᠤᠬᠠᠶ ᠭᠦᠨᠵᠡᠭᠡᠶ ᠰᠤᠳᠤᠯᠤᠨ ᠶᠠᠷᠢᠯᠴᠠᠭᠰᠠᠨ ᠪᠠᠶᠢᠨ᠎ᠠ᠃      ᠤᠯᠠᠭᠠᠨ ᠢᠳᠡᠭᠡᠨ ᠡᠳ᠋ᠰᠢᠭᠦᠯᠬᠦ ᠠᠵᠤ ᠠᠬᠤᠶᠢᠯᠠᠯ ᠳᠤ ᠲᠤᠯᠭᠠᠷᠠᠵᠤ ᠪᠠᠶᠢᠭ᠎ᠠ ᠣᠳᠣᠬᠢ ᠪᠠᠶᠢᠳᠠᠯ ᠵᠢᠴᠢ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ ᠯᠢᠦ ᠰᠢᠶᠤᠤ ᠮᠢᠨ᠂ ᠠᠵᠤ ᠠᠬᠤᠶᠢᠯᠠᠯ ᠤᠨ ᠬᠢᠨ ᠴᠠᠭ ᠦᠶ᠎ᠡ  ᠲᠠᠢ ᠵᠡᠷᠭᠡ ᠪᠠᠷ ᠤᠷᠤᠭᠰᠢᠯᠠᠵᠤ᠂ ᠣᠯᠠᠨ ᠵᠦᠶᠯ ᠤᠨ ᠰᠢᠨ᠎ᠡ ᠠᠷᠭ᠎ᠠ ᠵᠠᠮ ᠢ ᠬᠡᠷᠡᠭᠯᠡᠨ᠂ ᠨᠠᠷᠢᠯᠢᠭ ᠡᠳ᠋ᠰᠢᠬᠦᠯᠦᠭᠰᠡᠨ ᠦᠶᠯᠡᠳᠬᠦᠨ ᠢ ᠰᠤᠳᠤᠯᠤᠨ ᠨᠡᠭᠡᠭᠡᠵᠦ᠂ ᠵᠠᠬ᠎ᠠ ᠳᠡᠯᠭᠡᠭᠦᠷ ᠢ ᠥᠷᠭᠡᠳᠬᠡᠨ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠵᠡᠷᠭᠡ ᠠᠷᠭ᠎ᠠ ᠬᠡᠯᠪᠡᠷᠢ ᠪᠠᠷ ᠪᠣᠷᠣᠯᠠᠭᠤᠯᠭ᠎ᠠ ᠶᠢᠨ ᠵᠠᠮ ᠢ ᠥᠷᠭᠡᠳᠬᠡᠵᠦ᠂ ᠲᠤᠬᠠᠶ ᠶᠢᠨ ᠭᠠᠵᠠᠷ ᠤᠨ ᠦᠬᠡᠷ ᠬᠤᠨᠢᠨ ᠮᠢᠬ᠎ᠠ ᠶᠢ ᠭᠠᠳᠠᠭᠰᠢ ᠲᠠᠨᠢᠯᠴᠠᠭᠤᠯᠤᠨ᠂ ᠠᠵᠤ ᠠᠬᠤᠶᠢᠯᠠᠯ ᠢ ᠬᠦᠭᠵᠢᠬᠦᠯᠬᠦ ᠪᠠᠷ ᠴᠢᠷᠮᠠᠶᠢᠬᠤ ᠬᠡᠷᠡᠭᠲᠡᠶ᠃ ᠮᠠᠯᠴᠢᠳ ᠤᠨ ᠠᠰᠢᠭ ᠲᠤᠰᠠ ᠲᠠᠢ ᠨᠢᠭᠲᠠ ᠬᠤᠯᠪᠣᠭ᠎ᠠ ᠲᠠᠢ ᠲᠣᠭᠲᠠᠴᠠ ᠶᠢ ᠪᠠᠶᠢᠭᠤᠯᠵᠤ᠂ ᠮᠠᠯᠴᠢᠳ ᠤᠨ ᠠᠰᠢᠭ ᠲᠤᠰᠠ ᠶᠢ ᠦᠨᠡᠨ ᠬᠦ ᠪᠠᠳᠤᠯᠠᠨ᠂ ᠤᠯᠠᠭᠠᠨ ᠢᠳᠡᠭᠡᠨ ᠡᠳ᠋ᠰᠢᠭᠦᠯᠬᠦ ᠠᠵᠤ ᠠᠬᠤᠶᠢᠯᠠᠯ ᠤᠨ ᠬᠥᠭᠵᠢᠯᠲᠡ ᠶᠢ ᠠᠬᠢᠭᠤᠯᠵᠤ᠂ ᠮᠠᠯ ᠠᠵᠤ ᠠᠬᠤᠶ ᠶᠢᠨ ᠡᠷᠡᠭᠦᠯ ᠢᠶᠠᠷ ᠬᠥᠭᠵᠢᠬᠦ ᠳᠤ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠦ ᠴᠢᠬᠤᠯᠠᠴᠢᠯᠠᠭᠰᠠᠨ ᠪᠠᠶᠢᠨ᠎ᠠ᠃     ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠ ᠱᠧᠨ ᠭᠤᠸᠠᠩ ᠱᠧᠩ᠂ ᠵᠣᠷᠢᠭᠰᠠᠶᠢᠬᠠᠨ᠂ ᠵᠠᠰᠠᠭ ᠤᠨ ᠣᠷᠳᠣᠨ ᠤ ᠠᠯᠪᠠᠨ ᠭᠡᠷ ᠵᠢᠴᠢ ᠬᠠᠮᠢᠶ᠎ᠠ ᠲᠠᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ  ᠳᠤ ᠤᠷᠤᠯᠴᠠᠵᠠᠢ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号