ᠯᠢᠦ ᠰᠢᠶᠤᠤ ᠮᠢᠨ ᠠᠮᠠᠷᠠᠯᠲᠠ ᠶᠢᠨ ᠬᠤᠭᠤᠴᠠᠭᠠᠨ ᠳᠤ ᠭᠤᠤᠯᠳᠠᠯᠭ᠎ᠠ ᠲᠠᠢ ᠠᠵᠢᠯ ᠳᠤ ᠪᠠᠶᠢᠴᠠᠭᠠᠨ ᠰᠤᠳᠤᠯᠤᠯᠳᠠ ᠬᠢᠪᠠ
ᠨᠡᠶᠢᠲᠡᠯᠡᠭᠰᠡᠨ ᠴᠠᠭ᠄
2024/4/7
     4 ᠰᠠᠷ᠎ᠠ ᠶᠢᠨ 4 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠯᠢᠦ ᠰᠢᠶᠤᠤ ᠮᠢᠨ ᠳᠠᠪᠦ‍ ᠨᠢᠭᠡ ᠮᠠᠯᠵᠢᠯ ᠤᠨ ᠲᠠᠯᠠᠪᠠᠶ᠂ ᠰᠠᠩ ᠤᠨ ᠲᠡᠯᠡᠶ ᠪᠠᠯᠭᠠᠰᠤ᠂ ᠪᠤᠱᠤᠤᠳᠠᠶ ᠰᠤᠮᠤ ᠪᠠᠷ ᠬᠦᠷᠴᠦ᠂ ᠭᠤᠤᠯ ᠮᠥᠷᠡᠨ ᠢ  ᠴᠠᠭᠳᠠᠬᠤ᠂ ᠭᠤᠤᠯᠳᠠᠯᠭ᠎ᠠ ᠲᠠᠢ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠵᠢᠴᠢ ᠭᠤᠤᠯᠳᠠᠯᠭ᠎ᠠ ᠲᠠᠢ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠪᠠ᠃      ᠯᠢᠦ ᠰᠢᠶᠤᠤ ᠮᠢᠨ ᠳᠠᠪᠦ‍ ᠨᠢᠭᠡ ᠮᠠᠯᠵᠢᠯ ᠤᠨ ᠲᠠᠯᠠᠪᠠᠢ ᠶᠢᠨ ᠤᠯᠤᠭᠠᠢ ᠭᠤᠣᠯ᠂ ᠬᠡᠶᠢᠪᠦᠩ ᠭᠤᠣᠯ ᠢᠶᠠᠷ ᠬᠦᠷᠴᠦ᠂ ᠭᠤᠣᠯ ᠤᠨ ᠤᠷᠤᠰᠬᠠᠯ᠂ ᠭᠤᠣᠯ ᠤᠨ ᠡᠷᠭᠢ ᠵᠢᠴᠢ ᠭᠤᠣᠯ ᠤᠨ ᠤᠷᠴᠢᠨ ᠲᠤᠭᠤᠷᠢᠨ ᠤ ᠪᠠᠶᠢᠳᠠᠯ ᠢ ᠪᠠᠶᠢᠴᠠᠭᠠᠨ ᠦᠵᠡᠵᠦ᠂ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠤᠶᠢᠯᠠᠭᠠᠭᠰᠠᠨ ᠪᠠᠶᠢᠨ᠎ᠠ᠃ ᠲᠡᠷᠡ᠂ ᠡᠯ᠎ᠡ ᠱᠠᠲᠤᠨ ᠤ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠨᠠᠷ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠭᠤᠤᠯ ᠮᠥᠷᠡᠨ ᠤ ᠰᠠᠪᠠ ᠭᠠᠵᠠᠷ ᠢ ᠶᠡᠷᠦᠩᠬᠡᠶᠢᠯᠡᠨ ᠵᠠᠰᠠᠬᠤ ᠪᠠ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠡᠷᠴᠢᠮ  ᠢᠶᠠᠨ ᠴᠢᠩᠭᠠᠷᠠᠭᠤᠯᠵᠤ᠂ ᠴᠢᠩᠭ᠎ᠠ ᠨᠢᠮᠪᠠᠶ ᠬᠠᠷᠢᠭᠤᠴᠠᠯᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠵᠤ᠂ ᠲᠦᠷᠢᠮ ᠢ ᠪᠣᠳᠠᠲᠠᠶ ᠳᠤ ᠬᠡᠷᠡᠭᠵᠢᠭᠦᠯᠵᠦ᠂ ᠬᠢᠨᠠᠯᠲᠠ ᠲᠠᠯᠪᠢᠵᠤ ᠲᠣᠭᠤᠷᠢᠨ ᠪᠠᠶᠢᠴᠠᠭᠠᠬᠤ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠬᠡᠷᠡᠭᠲᠡᠶ ᠭᠡᠵᠦ ᠴᠢᠬᠤᠯᠠᠴᠢᠯᠠᠭᠰᠠᠨ ᠪᠠᠶᠢᠨ᠎ᠠ᠃      ᠳᠠᠪᠦ‍ ᠨᠢᠭᠡ ᠮᠠᠯᠵᠢᠯ ᠤᠨ ᠲᠠᠯᠠᠪᠠᠢ ᠶᠢᠨ ᠺᠢᠨᠣ᠋ ᠲᠧᠯᠸᠢᠰ ᠰᠡᠭᠦᠳᠡᠷᠯᠡᠬᠦ ᠰᠠᠭᠤᠷᠢᠨ ᠭᠠᠵᠠᠷ᠂ ᠴᠢᠩ ᠹᠧᠩ ᠮᠠᠯᠵᠢᠯ ᠤᠨ ᠲᠠᠯᠠᠪᠠᠢ ᠵᠡᠷᠭᠡ ᠭᠠᠵᠠᠷ ᠲᠤ ᠵᠢᠭᠤᠯᠴᠢᠯᠠᠯ ᠤᠨ ᠲᠥᠷᠥᠯ ᠵᠦᠢᠯ ᠤᠨ ᠲᠥᠯᠥᠪᠵᠢᠭᠦᠯᠭᠡ ᠶᠢᠨ ᠪᠠᠶᠢᠳᠠᠯ ᠢ ᠤᠶᠢᠯᠠᠭᠠᠭᠰᠠᠨ ᠤ ᠳᠠᠷᠠᠭ᠎ᠠ ᠯᠢᠦ ᠰᠢᠶᠤᠤ ᠮᠢᠨ᠂ ᠳᠠᠪᠦ‍ ᠨᠢᠭᠡ ᠮᠠᠯᠵᠢᠯ ᠤᠨ ᠲᠠᠯᠠᠪᠠᠢ ᠨᠢ ᠬᠤᠰᠢᠭᠤᠨ ᠤ ᠤᠯᠤᠰ ᠤᠨ ᠥᠮᠴᠢᠯᠡᠯ ᠤᠨ ᠠᠵᠤ ᠠᠬᠤᠶᠢᠯᠠᠯ ᠪᠤᠯᠤᠭᠰᠠᠨ ᠤ ᠬᠤᠪᠢ ᠳᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠠᠵᠤ ᠦᠢᠯᠡᠰ ᠤᠨ ᠬᠥᠭᠵᠢᠯᠲᠡ ᠵᠡᠷᠭᠡ ᠲᠠᠯ᠎ᠠ ᠪᠠᠷ ᠬᠢ ᠬᠦᠳᠦᠯᠦᠨ ᠳᠠᠭᠠᠭᠤᠯᠬᠤ ᠪᠠ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ᠲᠦᠷᠦᠯ ᠵᠦᠢᠯ ᠤᠨ ᠲᠥᠯᠥᠪᠵᠢᠭᠦᠯᠭᠡ ᠪᠠ ᠪᠦᠳᠦᠭᠡᠨ ᠪᠠᠶᠢᠭᠤᠯᠤᠯᠲᠠ ᠶᠢ ᠤᠯᠠᠮ ᠴᠢᠩᠭᠠᠳᠬᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠵᠤ ᠦᠢᠯᠡᠰ  ᠢᠶᠠᠷ ᠠᠷᠠᠳ ᠢ ᠪᠠᠶᠠᠵᠢᠭᠤᠯᠬᠤ᠂ ᠰᠣᠶᠣᠯ ᠵᠢᠭᠤᠯᠴᠢᠯᠠᠯ ᠢ ᠠᠭᠤᠰᠤᠯᠴᠠᠭᠤᠯᠬᠤ᠂ ᠪᠣᠬᠢᠷᠲᠤᠯ ᠦᠭᠡᠢ ᠬᠥᠭᠵᠢᠭᠦᠯᠬᠦ ᠳᠡᠭᠡᠷ᠎ᠡ ᠬᠦᠴᠦᠨ ᠢᠶᠠᠨ ᠲᠦᠪᠯᠡᠷᠡᠭᠦᠯᠦᠨ᠂ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠡᠵᠡᠩᠨᠡᠯᠲᠡ ᠶᠢᠨ ᠬᠡᠯᠪᠡᠷᠢ  ᠶᠢ ᠢᠳᠡᠪᠬᠢᠲᠡᠢ ᠬᠠᠶᠢᠨ ᠰᠦᠪᠡᠭᠴᠢᠯᠡᠵᠦ᠂ ᠰᠢᠨ᠎ᠡ ᠳᠠᠪᠠᠭᠤᠯᠢᠭ ᠢ ᠪᠤᠢ ᠪᠣᠯᠭᠠᠵᠤ᠂ ᠰᠢᠨ᠎ᠡ ᠠᠮᠢᠵᠢᠷᠠᠯ ᠤᠨ ᠬᠦᠴᠦᠨ ᠢ ᠬᠥᠭᠵᠢᠭᠡᠵᠦ᠂ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ ᠭᠡᠵᠦ ᠴᠢᠬᠤᠯᠠᠴᠢᠯᠠᠵᠠᠢ᠃      ᠪᠤᠱᠤᠤᠳᠠᠶ ᠰᠤᠮᠤᠨ ᠳᠤ᠂ ᠯᠢᠦ ᠰᠢᠶᠤᠤ ᠮᠢᠨ ᠵᠦᠩ ᠴᠤᠸᠠᠨ 30 ᠲᠦᠮᠡᠨ ᠺᠢᠯᠣᠸᠠᠲ ᠤᠨ ᠣᠨᠴᠠ ᠥᠨᠳᠥᠷ ᠬᠦᠴᠦᠳᠡᠯ ᠢ ᠳᠠᠮᠵᠢᠭᠤᠯᠬᠤ ᠰᠢᠨ᠎ᠡ ᠡᠨᠧᠷᠭᠢ ᠶᠢᠨ ᠭᠤᠷᠪᠠᠳᠤᠭᠠᠷ ᠬᠤᠭᠤᠴᠠᠭᠠᠨ ᠤ ᠰᠠᠭᠤᠷᠢᠨ ᠭᠠᠵᠠᠷ ᠤᠨ ᠲᠥᠷᠥᠯ ᠵᠦᠶᠯ ᠤᠨ ᠪᠠᠶᠢᠳᠠᠯ ᠢ ᠪᠠᠶᠢᠴᠠᠭᠠᠨ ᠦᠵᠡᠵᠦ᠂ ᠲᠥᠷᠥᠯ ᠵᠦᠶᠯ ᠤᠨ ᠡᠮᠦᠨᠡᠬᠢ ᠬᠤᠭᠤᠴᠠᠭᠠᠨ ᠤ ᠭᠠᠷᠳᠠᠮ  ᠢ ᠭᠦᠶᠴᠡᠳᠬᠡᠭᠰᠡᠨ ᠠᠬᠢᠴᠠ ᠵᠢᠴᠢ ᠲᠤᠯᠭᠠᠷᠠᠭᠰᠠᠨ ᠪᠣᠳᠠᠲᠠᠶ ᠠᠰᠠᠭᠤᠳᠠᠯ ᠢ ᠣᠶᠢᠯᠠᠭᠠᠭᠰᠠᠨ ᠪᠥᠭᠡᠳ ᠰᠤᠮᠤᠨ ᠤ ᠭᠤᠤᠯ ᠬᠠᠷᠢᠭᠤᠴᠠᠯᠭᠠᠲᠠᠨ ᠲᠠᠢ ᠶᠠᠷᠢᠯᠴᠠᠨ ᠨᠠᠷᠢᠨ ᠪᠠᠶᠢᠳᠠᠯ ᠢ ᠤᠶᠢᠯᠠᠭᠠᠭᠰᠠᠨ ᠪᠠᠶᠢᠨ᠎ᠠ᠃ ᠲᠡᠷᠡ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠺᠠᠳ᠋ᠷ ᠤᠨ ᠰᠤᠷᠲᠠᠯ ᠢ ᠰᠠᠶᠢᠵᠢᠷᠠᠭᠤᠯᠬᠤ᠂ ᠦᠶᠯᠡᠴᠢᠯᠡᠭᠡᠨ ᠤ ᠦᠷ᠎ᠡ ᠪᠦᠲᠦᠮᠵᠢ ᠶᠢᠨ ᠶᠡᠭᠡ ᠳᠡᠭᠡᠭᠰᠢᠯᠡᠯᠲᠡ ᠶᠢ ᠲᠠᠶᠢᠴᠢᠯᠠᠵᠤ᠂ ᠡᠯ᠎ᠡ ᠵᠦᠶᠯ  ᠤᠨ ᠠᠵᠢᠯ ᠢ ᠰᠢᠨᠵᠢᠯᠡᠬᠦ ᠤᠬᠠᠭᠠᠨᠴᠢ ᠪᠠᠷ ᠨᠢᠭᠡᠳᠦᠯᠲᠡᠶ ᠲᠥᠯᠥᠪᠵᠢᠭᠦᠯᠵᠦ᠂ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠥᠨᠳᠥᠷ ᠪᠠᠷᠢᠮᠵᠢᠶ᠎ᠠ ᠪᠠᠷ ᠠᠬᠢᠭᠤᠯᠤᠨ᠂ ᠴᠡᠪᠡᠷ ᠡᠨᠧᠷᠭᠢ ᠶᠢᠨ ᠲᠥᠷᠥᠯ ᠵᠦᠶᠯ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦ ᠨᠡᠮᠡᠷᠢᠯᠡᠵᠦ᠂ ᠮᠠᠯᠴᠢᠳ ᠪᠣᠯᠤᠨ ᠭᠠᠴᠠᠭᠠᠨ ᠤ ᠬᠠᠮᠲᠤ ᠶᠢᠨ ᠠᠵᠤ ᠠᠬᠤᠶ ᠶᠢᠨ ᠣᠷᠣᠯᠭ᠎ᠠ ᠶᠢ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃      ᠰᠠᠩ ᠤᠨ ᠲᠡᠯᠡᠶ ᠪᠠᠯᠭᠠᠰᠤᠨ ᠤ ᠡᠪᠡᠰᠦᠨ ᠤ ᠵᠠᠬ᠎ᠠ ᠳᠤ ᠬᠠᠪᠤᠷ ᠤᠨ ᠤᠯᠠᠷᠢᠯ ᠤᠨ ᠭᠠᠯ ᠰᠡᠷᠭᠡᠶᠢᠯᠡᠬᠦ ᠵᠢᠴᠢ ᠠᠶᠤᠯᠭᠦᠶ ᠦᠶᠯᠡᠳᠪᠦᠷᠢᠯᠡᠯ ᠤᠨ ᠬᠠᠮᠢᠶᠠᠷᠤᠯᠲᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠨ ᠦᠵᠡᠵᠡᠢ᠃ ᠯᠢᠦ ᠰᠢᠶᠤᠤ ᠮᠢᠨ᠂ ᠬᠠᠮᠢᠶᠠᠷᠤᠯᠲᠠ ᠪᠠᠨ ᠤᠯᠠᠮ ᠴᠢᠨᠠᠭᠰᠢᠳᠠ ᠵᠢᠷᠤᠮᠵᠢᠭᠤᠯᠵᠤ᠂ ᠨᠠᠭᠠᠰᠢ ᠴᠠᠭᠠᠰᠢ ᠶᠠᠪᠤᠬᠤ ᠲᠡᠷᠭᠡ ᠤᠨᠤᠭᠠᠨ ᠤ ᠭᠠᠯ ᠰᠡᠷᠭᠡᠶᠢᠯᠡᠬᠦ ᠪᠠᠶᠢᠴᠠᠭᠠᠯᠲᠠ ᠶᠢ ᠴᠢᠩᠭᠠᠳᠬᠠᠵᠤ᠂ ᠭᠠᠯ ᠤᠨᠲᠠᠷᠠᠭᠠᠬᠤ ᠲᠥᠬᠦᠭᠡᠷᠦᠮᠵᠢ ᠶᠢ ᠭᠦᠢᠴᠡᠳ ᠪᠡᠯᠡᠳᠭᠡᠨ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠᠷ ᠭᠠᠯ ᠤᠨ ᠠᠶᠤᠯ ᠢ ᠰᠡᠷᠭᠡᠶᠢᠯᠡᠨ ᠡᠵᠡᠮᠳᠡᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ᠵᠠᠬ᠎ᠠ ᠳᠡᠯᠭᠡᠭᠦᠷ ᠤᠨ ᠭᠤᠣᠯ ᠴᠣᠭᠴᠠ ᠪᠣᠯᠤᠨ ᠬᠠᠮᠢᠶ᠎ᠠ ᠪᠦᠬᠦᠢ ᠨᠢᠭᠡᠴᠡ ᠨᠢ ᠡᠪᠡᠰᠦᠨ ᠤ ᠦᠨ᠎ᠡ ᠬᠠᠩᠰᠢ ᠶᠢ ᠲᠤᠷ᠎ᠠ ᠪᠠᠷ ᠥᠰᠬᠡᠬᠦ ᠪᠤᠶᠤ ᠡᠵᠡᠨ ᠮᠡᠳᠡᠨ ᠦᠨ᠎ᠡ ᠲᠤᠭᠳᠠᠭᠠᠵᠤ ᠪᠤᠯᠬᠤ ᠦᠭᠡᠢ ᠭᠡᠵᠦ ᠴᠢᠬᠤᠯᠠᠴᠢᠯᠠᠭᠰᠠᠨ ᠪᠠᠶᠢᠨ᠎ᠠ᠃       ᠰᠠᠩ ᠤᠨ ᠲᠠᠯᠠᠢ ᠪᠠᠯᠭᠠᠰᠤᠨ ᠤ ᠤᠶᠤᠳᠤ ᠡᠪᠡᠰᠦᠨ ᠤ ᠦᠢᠯᠡᠰ ᠤᠨ ᠬᠦᠷᠢᠶᠡᠯᠡᠩ ᠳᠤ᠂ ᠯᠢᠦ ᠰᠢᠶᠤᠤ ᠮᠢᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠪᠠᠶᠢᠴᠠᠭᠠᠨ ᠦᠵᠡᠵᠦ᠂ ᠠᠵᠤ ᠠᠬᠤᠶᠢᠯᠠᠯ ᠤᠨ ᠡᠵᠡᠩᠨᠡᠯᠲᠡ ᠶᠢᠨ ᠵᠠᠭᠪᠤᠷ ᠢ ᠤᠶᠢᠯᠠᠭᠠᠭᠰᠠᠨ ᠤ ᠳᠠᠷᠠᠭ᠎ᠠ᠂ ᠡᠷᠳᠡ ᠨᠢᠭᠡᠨ ᠡᠳᠦᠷ ᠡᠵᠡᠩᠨᠡᠯᠳᠡ ᠪᠠᠨ ᠡᠬᠢᠯᠡᠭᠦᠯᠵᠦ᠂ ᠠᠵᠤ ᠠᠬᠤᠶᠢᠯᠠᠯ ᠤᠨ ᠳᠠᠶᠢᠴᠢᠯᠠᠬᠤ ᠦᠶᠯᠡᠳᠦᠯ ᠢ ᠪᠥᠬᠦ ᠬᠦᠴᠦᠨ ᠢᠶᠠᠷ ᠢᠶᠠᠨ ᠪᠠᠳᠠᠷᠠᠭᠤᠯᠤᠨ᠂ ᠮᠠᠨ ᠤ ᠠᠶᠢᠮᠠᠭ  ᠤᠨ ᠮᠢᠬᠠᠨ ᠤ ᠦᠬᠡᠷ ᠤᠨ ᠠᠵᠤ ᠦᠶᠯᠡᠰ ᠤᠨ ᠬᠥᠭᠵᠢᠯᠲᠡ ᠶᠢᠨ ᠠᠰᠢᠭᠲᠠᠶ ᠠᠵᠠ ᠲᠣᠬᠢᠶᠠᠯ ᠢ ᠠᠮᠵᠢᠵᠤ᠂ ᠥᠷᠭᠡᠨ ᠣᠯᠠᠨ ᠮᠠᠯᠴᠢᠨ ᠲᠠᠷᠢᠶᠠᠴᠢᠨ ᠢ ︽ᠦᠬᠡᠷ ᠤᠨ ᠠᠵᠤ ᠦᠶᠯᠡᠰ ᠢ ᠬᠥᠭᠵᠢᠭᠦᠯᠵᠦ᠂ ᠦᠬᠡᠷ ᠮᠠᠯᠵᠢᠵᠦ ᠴᠢᠨᠡᠭᠡᠯᠢᠭᠵᠢᠬᠦ︾ ᠶᠢ ᠵᠢᠯᠤᠭᠤᠳᠤᠨ᠂ ᠮᠠᠯᠴᠢᠨ ᠲᠠᠷᠢᠶᠠᠴᠢᠨ ᠲᠠᠢ ᠠᠰᠢᠭ ᠲᠤᠰᠠ ᠶᠢᠨ ᠬᠤᠯᠪᠣᠭᠠᠨ ᠤ ᠲᠣᠭᠲᠠᠴᠠ  ᠶᠢ ᠪᠠᠶᠢᠭᠤᠯᠵᠤ᠂ ᠮᠠᠯᠴᠢᠨ ᠲᠠᠷᠢᠶᠠᠴᠢᠨ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠬᠦ ᠬᠡᠷᠡᠭᠲᠡᠶ ᠭᠡᠵᠦ ᠴᠢᠬᠤᠯᠠᠴᠢᠯᠠᠵᠠᠢ᠃      ᠯᠢᠦ ᠰᠢᠶᠤᠤ ᠮᠢᠨ ᠪᠠᠶᠢᠴᠠᠭᠠᠨ ᠰᠤᠳᠤᠯᠤᠯᠲᠠ ᠶᠢᠨ ᠬᠤᠭᠤᠴᠠᠭᠠᠨ ᠳᠤ᠂ ᠡᠯ᠎ᠡ ᠰᠤᠮᠤ ᠪᠠᠯᠭᠠᠰᠤ ︵ᠲᠠᠯᠠᠪᠠᠶ︶ ᠦᠵᠡᠯ ᠰᠠᠨᠠᠭ᠎ᠠ ᠪᠠᠨ ᠨᠢᠭᠡᠳᠬᠡᠨ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷ ᠢ ᠰᠡᠷᠭᠦᠭᠡᠬᠦ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠲᠦᠷᠢᠮ ᠢ ᠬᠡᠷᠡᠭᠵᠢᠭᠦᠯᠬᠦ  ᠶᠢᠨ ᠴᠢᠬᠤᠯᠠ ᠴᠢᠨᠠᠷ ᠢ ᠭᠦᠶᠴᠡᠳ ᠲᠠᠨᠢᠵᠤ᠂ ᠬᠠᠪᠤᠷ ᠤᠨ ᠤᠯᠠᠷᠢᠯ ᠤᠨ ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷ ᠢ ᠰᠡᠷᠭᠦᠭᠡᠬᠦ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠡᠯ᠎ᠡ ᠵᠦᠶᠯ ᠤᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠬᠠᠪᠤᠷ ᠤᠨ ᠤᠯᠠᠷᠢᠯ ᠤᠨ ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷ ᠢ ᠰᠡᠷᠭᠦᠭᠡᠬᠦ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠡᠭᠦᠷᠭᠡ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ᠂ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ ᠲᠤᠶᠢᠯᠪᠤᠷᠢᠳᠠᠢ ᠵᠠᠰᠠᠬᠤ ᠲᠠᠶᠢᠯᠠᠯᠳᠤᠭᠠᠨ ᠤ ᠢᠯᠠᠯᠲᠠ ᠶᠢ ᠤᠯᠬᠤ ᠳᠤ ᠰᠠᠭᠤᠷᠢ ᠲᠠᠯᠪᠢᠬᠤ ᠬᠡᠷᠡᠭᠲᠡᠶ ᠭᠡᠵᠦ ᠴᠢᠬᠤᠯᠠᠴᠢᠯᠠᠭᠰᠠᠨ ᠪᠠᠶᠢᠨ᠎ᠠ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号