ᠰᠤᠷᠪᠤᠯᠵᠢᠯᠠᠭᠴᠢ ᠴᠢᠮᠡᠭᠡᠯᠡᠭᠴᠢ ᠬᠠᠮᠳᠤ ᠪᠠᠷ ᠤᠶᠢᠵᠢᠭᠤᠯᠤᠯᠳᠠ ᠶᠢᠨ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2024/4/7
                         ᠴᠢᠮᠡᠭᠡᠯᠡᠭᠴᠢ ᠳ᠋᠊ ᠰᠡᠴᠡᠨᠪᠠᠳᠤ      ᠡᠬᠡ ᠪᠠᠶᠢᠭᠠᠯᠢ ᠪᠠᠨ ᠬᠠᠶᠢᠷᠠᠯᠠᠨ ᠬᠠᠮᠠᠭᠠᠯᠠᠵᠤ᠂ ᠠᠮᠢ ᠠᠬᠤᠢ ᠶᠢ ᠰᠡᠷᠭᠦᠭᠡᠨ ᠰᠠᠶᠢᠵᠢᠷᠠᠭᠤᠯᠬᠤ ᠶᠢ ᠤᠯᠠᠮ ᠴᠢᠨᠠᠬᠰᠢᠳᠠ ᠬᠦᠨᠵᠡᠭᠡᠢ ᠰᠤᠷᠳᠠᠯᠴᠢᠯᠠᠨ ᠤᠬᠠᠭᠤᠯᠬᠤ ᠵᠤᠷᠢᠯᠳᠠ ᠪᠠᠷ ᠰᠢᠯᠢ ᠶᠢᠨ ᠭᠤᠤᠯ ᠤᠨ ᠡᠳᠦᠷ ᠤᠨ ᠰᠤᠨᠢᠨ ᠤ ᠬᠤᠷᠢᠶ᠎ᠠ ᠶᠢᠨ ᠬᠤᠶᠠᠳᠤᠭᠠᠷ ᠨᠠᠮ ᠤᠨ ᠡᠭᠦᠷ ᠤᠨ ᠰᠤᠷᠪᠤᠯᠵᠢᠯᠠᠭᠴᠢᠳ ᠪᠤᠯᠤᠨ ᠰᠢᠯᠤᠭᠤᠨ ᠬᠦᠭᠡ ᠬᠤᠰᠢᠭᠤᠨ ᠤ ᠴᠢᠮᠡᠭᠡᠯᠡᠭᠴᠢᠳ ᠤᠨ ᠬᠤᠯᠪᠤᠭ᠎ᠠ ᠬᠠᠮᠳᠤᠷᠠᠯᠴᠠᠨ ᠪᠠᠶᠢᠩᠭᠤ ᠶᠢᠨ ᠴᠢᠨᠠᠷᠳᠠᠢ ᠤᠶᠢᠵᠢᠭᠤᠯᠤᠯᠳᠠ ᠶᠢᠨ ᠠᠵᠢᠯᠯᠠᠭ᠎ᠠ ᠦᠷᠨᠢᠬᠦᠯᠦᠭᠡᠳ ᠤᠯᠠᠨ ᠤ ᠮᠠᠬᠳᠠᠭᠠᠯ ᠰᠠᠶᠢᠰᠢᠶᠠᠯ ᠢ ᠶᠡᠬᠡᠪᠡᠷ ᠤᠯᠵᠤ ᠪᠠᠶᠢᠨ᠎ᠠ᠃     ᠰᠤᠷᠪᠤᠯᠵᠢᠯᠠᠭᠴᠢᠳ ᠴᠢᠮᠡᠭᠡᠯᠡᠭᠴᠢᠳ ᠮᠠᠨᠢ ᠡᠨᠡ ᠬᠠᠪᠤᠷ ᠤᠨ ᠤᠶᠢᠵᠢᠭᠤᠯᠤᠯᠳᠠ ᠨᠤᠭᠤᠭᠠᠷᠠᠭᠤᠯᠤᠯᠳᠠ ᠶᠢᠨ ᠠᠵᠢᠯᠯᠠᠭ᠎ᠠ ᠪᠠᠨ ᠰᠢᠯᠤᠭᠤᠨ ᠬᠦᠬᠡ ᠬᠤᠰᠢᠭᠤᠨ ᠤ ᠰᠠᠩ ᠤᠨ ᠳᠠᠯᠠᠢ ᠪᠠᠯᠭᠠᠰᠤᠨ ᠤ ᠪᠠᠶᠠᠨᠰᠢᠭᠤᠢ ᠭᠠᠴᠠᠭᠠᠨ ᠤ ᠮᠠᠯᠴᠢᠨ ᠠᠯᠳᠠᠨᠪᠠᠭᠠᠨ᠎ᠠ ᠶᠢᠨ ᠨᠤᠳᠤᠭ ᠳᠡᠭᠡᠷᠡᠬᠢ ᠡᠯᠡᠰᠦᠷᠭᠡᠭᠵᠢᠭᠰᠡᠨ ᠭᠠᠵᠠᠷ ᠦᠷᠨᠢᠬᠦᠯᠵᠦ᠂ ᠪᠤᠰᠤᠳ ᠰᠠᠶᠢᠨ ᠲᠤᠷᠠᠴᠤᠤᠯ ᠨᠡᠶᠢᠳᠡ 20 ᠭᠠᠷᠤᠢ ᠬᠦᠮᠦᠰ ᠤᠷᠤᠯᠴᠠᠵᠤ᠂ ᠪᠦᠬᠦᠯᠢ ᠡᠳᠦᠷ ᠤᠨ ᠬᠠᠮᠳᠤ ᠶᠢᠨ ᠴᠢᠷᠮᠠᠶᠢᠯᠭ᠎ᠠ ᠪᠠᠷ 2000 ᠭᠠᠷᠤᠢ ᠰᠠᠭᠤᠷᠢ ᠬᠠᠷᠠᠭᠠᠨ᠎ᠠ᠂ ᠠᠯᠳᠠᠷᠭᠠᠨ᠎ᠠ ᠵᠡᠷᠭᠡ ᠪᠤᠳᠠᠯᠢᠭ ᠤᠷᠭᠤᠮᠠᠯ ᠢ ᠵᠠᠶᠢᠯᠠᠵᠤ᠂ ᠭᠤᠷᠪᠠᠳᠤᠭᠠᠷ ᠵᠢᠯ  ᠤᠨ ᠳᠠᠪᠤᠳᠡᠬᠢ ᠤᠳᠠᠭᠠᠨ ᠤ ᠬᠠᠮᠳᠤ ᠶᠢᠨ ᠤᠶᠢᠵᠢᠭᠤᠯᠤᠯᠳᠠ ᠶᠢᠨ ᠠᠵᠢᠯᠯᠠᠭ᠎ᠠ ᠪᠠᠨ ᠤᠳᠬ᠎ᠠ ᠳᠡᠭᠦᠯᠳᠡᠷ ᠠᠮᠵᠢᠯᠳᠠ  ᠲᠠᠢ ᠦᠷᠨᠢᠬᠦᠯᠦᠭᠰᠡᠨ ᠪᠠᠶᠢᠨ᠎ᠠ᠃
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号