ᠰᠢᠯᠤᠭᠤᠨ ᠬᠥᠬᠡ ᠬᠤᠰᠢᠭᠤ 1100 ᠲᠦᠮᠡᠨ ᠮᠥ ᠪᠡᠯᠴᠢᠭᠡᠷ ᠢ ᠰᠡᠷᠭᠦᠭᠡᠨ᠎ᠡ
ᠨᠡᠶᠢᠲᠡᠯᠡᠭᠰᠡᠨ ᠴᠠᠭ᠄
2024/4/7
     ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠤᠨ ᠲᠡᠩᠴᠡᠭᠦᠷᠢ ᠪᠠ ᠪᠡᠯᠴᠢᠭᠡᠷᠯᠡᠭᠦᠯᠬᠦ ᠶᠢ ᠵᠣᠭᠰᠣᠭᠠᠬᠤ ᠰᠡᠯᠭᠦᠨ ᠮᠠᠯᠵᠢᠬᠤ ᠲᠦᠷᠢᠮ︾ ᠤᠨ ᠬᠠᠮᠢᠶ᠎ᠠ ᠪᠥᠬᠦᠶ ᠱᠠᠭᠠᠷᠳᠠᠯᠭ᠎ᠠ ᠶᠢ ᠦᠨᠳᠦᠰᠦᠯᠡᠨ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ ᠰᠢᠯᠤᠭᠤᠨ ᠬᠥᠬᠡ ᠬᠤᠰᠢᠭᠤ 2024 ᠣᠨ ᠤ 4 ᠰᠠᠷ᠎ᠠ ᠶᠢᠨ 10 ᠤ ᠡᠳᠦᠷ ᠠᠴᠠ ᠡᠬᠢᠯᠡᠨ 1136.32 ᠲᠦᠮᠡᠨ ᠮᠥ ᠪᠡᠯᠴᠢᠭᠡᠷ ᠢ 45 ᠡᠳᠦᠷ ᠤᠨ ᠬᠤᠭᠤᠴᠠᠭ᠎ᠠ ᠲᠠᠢ ᠰᠡᠯᠭᠦᠨ ᠰᠡᠷᠭᠦᠭᠡᠭᠦ ᠪᠠᠷ ᠪᠤᠢ᠃      ᠮᠠᠯ ᠬᠠᠰᠢᠶᠠᠯᠠᠭ᠎ᠠ ᠶᠢᠨ ᠠᠵᠢᠯ ᠢ ᠤᠷᠤᠭᠰᠢᠳᠠᠢ ᠶᠠᠪᠤᠭᠳᠠᠭᠤᠯᠬᠤ ᠶᠢᠨ ᠲᠦᠯᠦᠭᠡ ᠰᠢᠯᠤᠭᠤᠨ ᠬᠥᠬᠡ ᠬᠤᠰᠢᠭᠤᠨ ᠤ ᠰᠠᠩ ᠤᠨ ᠲᠡᠯᠡᠶ ᠪᠠᠯᠭᠠᠰᠤᠨ ᠤ ᠪᠠᠶᠠᠨᠰᠦ᠋ᠷᠦᠭ ᠭᠠᠴᠠᠭᠠᠨ ᠤ ᠵᠢᠷᠭᠠᠯ ᠡᠪᠡᠰᠦ ᠪᠤᠷᠳᠤᠭ᠎ᠠ ᠪᠠᠨ ᠡᠷᠳᠡ  ᠠᠴᠠ ᠬᠦᠢᠴᠡᠳ ᠨᠦᠭᠡᠴᠡᠯᠡᠭᠰᠡᠨ ᠪᠠᠶᠢᠯ᠎ᠠ᠃ ᠡᠳᠡᠨ ᠤ ᠬᠢ 1040 ᠮᠦ ᠪᠡᠯᠴᠢᠭᠡᠷ ᠲᠠᠢ ᠪᠠᠶᠢᠵᠦ ᠳᠠᠪᠢᠭᠠᠳ ᠦᠭᠡᠷ ᠮᠠᠯᠵᠢᠵᠦ ᠪᠤᠢ᠃ ᠨᠤᠲᠤᠭ ᠪᠡᠯᠴᠢᠭᠡᠷ ᠤᠨ ᠳᠠᠯᠠᠪᠠᠢ ᠪᠠᠭ᠎ᠠ ᠮᠦᠷᠲᠡᠭᠡᠨ ᠮᠠᠯ ᠠᠵᠤ ᠠᠬᠤᠢ ᠶᠢᠨ ᠥᠪᠡᠷ ᠤᠨ ᠥᠷᠲᠡᠭ ᠥᠨᠳᠥᠷ ᠵᠡᠷᠭᠡ ᠠᠴᠠ ᠪᠣᠯᠵᠣ ᠣᠶᠢᠷ᠎ᠠ ᠶᠢᠨ ᠵᠢᠯ ᠲᠡᠷᠡ ᠢᠴᠡᠭᠡᠯ ᠦᠷ᠎ᠡ ᠶᠢᠨ ᠬᠡᠭᠡᠯᠲᠦᠭᠦᠯᠭᠡ ᠪᠠᠷ ᠳᠡᠮᠵᠢᠨ ᠮᠠᠯ ᠰᠦᠷᠦᠭ ᠤᠨ ᠪᠦᠲᠦᠴᠡ ᠳᠡᠭᠡᠨ ᠲᠤᠬᠢᠷᠠᠭᠤᠯᠤᠯᠳᠠ  ᠬᠢᠵᠦ᠂ ᠰᠢᠨᠵᠢᠯᠡᠬᠦ ᠤᠬᠠᠭᠠᠨᠴᠢ ᠪᠠᠷ ᠮᠠᠯᠵᠢᠭᠰᠠᠨ ᠠᠴᠠ ᠠᠮᠢ ᠠᠬᠤᠶ ᠪᠣᠯᠤᠨ ᠠᠵᠤ ᠠᠬᠤᠶ ᠶᠢᠨ ᠬᠤᠤᠰ ᠠᠰᠢᠭ ᠬᠦᠷᠳᠡᠭᠰᠡᠨ ᠪᠠᠶᠢᠨ᠎ᠠ᠃     ᠵᠢᠷᠠᠭᠠᠯ ᠰᠤᠷᠪᠤᠯᠵᠢᠯᠠᠭ᠎ᠠ ᠬᠦᠯᠢᠶᠡᠬᠦ ᠳᠡᠭᠡᠨ᠄ ︽ᠮᠠᠨ ᠤ ᠬᠢ ᠵᠢᠯ ᠪᠤᠯᠭᠠᠨ 10 ᠰᠠᠷ᠎ᠠ ᠠᠴᠠ 6 ᠰᠠᠷ᠎ᠠ ᠪᠣᠯᠲᠠᠯ᠎ᠠ ᠪᠠᠷᠤᠭ 8 ᠰᠠᠷ᠎ᠠ ᠬᠠᠰᠢᠶᠠᠯᠠᠨ ᠲᠡᠵᠢᠭᠡᠳᠡᠭ᠃ ᠨᠢᠳᠤᠨᠤᠨ ᠨᠠᠮᠤᠷ 190 ᠲᠣᠨ ᠨᠣᠭᠤᠭᠠᠨ ᠳᠠᠷᠤᠰᠢ᠂ 60 ᠲᠣᠨ ᠡᠪᠡᠰᠦ᠂ 20 ᠭᠠᠷᠤᠢ ᠲᠣᠨ ᠪᠣᠷᠳᠤᠭ᠎ᠠ ᠨᠦᠭᠡᠴᠡᠯᠡᠭᠰᠡᠨ᠃ ᠡᠨᠡ ᠵᠢᠯ 6 ᠰᠠᠷ᠎ᠠ ᠳᠤ ᠡᠪᠡᠰᠦᠨ ᠤ ᠤᠷᠭᠤᠯᠲᠠ  ᠶᠢᠨ ᠪᠠᠶᠢᠳᠠᠯ ᠰᠠᠶᠢᠨ ᠪᠣᠯ ᠮᠠᠯ ᠢᠶᠠᠨ ᠭᠠᠷᠭᠠᠵᠤ ᠪᠡᠯᠴᠢᠭᠡᠷᠯᠡᠭᠦᠯᠦᠨ᠎ᠡ᠂ ᠬᠡᠷᠪᠡ ᠪᠣᠷᠣᠭᠠᠨ ᠬᠤᠷ᠎ᠠ ᠪᠠᠭ᠎ᠠ᠂ ᠡᠪᠡᠰᠦᠨ  ᠤ ᠤᠷᠭᠤᠯᠲᠠ ᠠᠨᠠᠢ ᠪᠤᠯ ᠪᠠᠰᠠ ᠨᠢᠭᠡ ᠬᠡᠰᠡᠭ ᠬᠤᠭᠤᠴᠠᠭ᠎ᠠ ᠬᠠᠰᠢᠶᠠᠯᠠᠨ ᠲᠡᠵᠢᠭᠡᠨ᠎ᠠ︾ ᠭᠡᠵᠦ ᠪᠠᠶᠢᠯ᠎ᠠ ᠃     ᠭᠤᠷᠪᠡᠳᠡᠬᠢ ᠡᠭᠡᠯᠵᠢ ᠶᠢᠨ ᠲᠠᠯ᠎ᠠ ᠨᠤᠳᠤᠭ ᠤᠨ ᠠᠮᠢ ᠠᠬᠤᠢ ᠶᠢᠨ ᠱᠠᠩᠨᠠᠵᠤ ᠨᠦᠬᠦᠪᠦᠷᠢᠯᠡᠬᠦ ᠲᠦᠷᠦ ᠶᠢᠨ ᠪᠤᠳᠤᠯᠭ᠎ᠠ ᠲᠠᠢ ᠤᠶᠠᠯᠳᠤᠭᠤᠯᠤᠨ ᠡᠨᠡ ᠵᠢᠯ ᠰᠢᠯᠤᠭᠤᠨ ᠬᠦᠭᠡ ᠬᠤᠰᠢᠭᠤ 7 ᠰᠤᠮᠤ ᠪᠠᠯᠭᠠᠰᠤ ︵ᠳᠠᠯᠠᠪᠠᠢ︶ ᠶᠢᠨ 89 ᠭᠠᠴᠠᠭᠠᠨ ︵ᠲᠤᠰᠬᠤᠨ︶ ᠳᠤ ᠬᠠᠪᠤᠷ ᠤᠨ ᠤᠯᠠᠷᠢᠯ ᠤᠨ ᠤᠷᠭᠤᠯᠳᠠ ᠶᠢᠨ ᠬᠤᠭᠤᠴᠠᠭᠠᠨ ᠳᠤ ᠰᠡᠯᠭᠦᠨ ᠮᠠᠯᠵᠢᠬᠤ ᠲᠦᠷᠢᠮ ᠢ ᠬᠡᠷᠡᠭᠵᠢᠬᠦᠯᠵᠦ᠂ ᠪᠡᠯᠴᠢᠭᠡᠷᠯᠡᠬᠦᠯᠬᠦ ᠶᠢ ᠬᠤᠷᠢᠭᠯᠠᠬᠤ ᠭᠠᠴᠠᠭ᠎ᠠ ᠪᠤᠯᠤᠨ ᠲᠠᠷᠢᠶᠠᠯᠠᠬᠤ ᠤᠷᠤᠨ  ᠳᠤ ᠦᠷᠬᠦᠯᠵᠢᠯᠡᠨ ᠪᠦᠬᠦ ᠵᠢᠯ ᠢᠶᠠᠷ ᠬᠠᠰᠢᠶᠠᠯᠠᠨ ᠮᠠᠯᠵᠢᠬᠤ ᠲᠦᠷᠦ ᠶᠢᠨ ᠪᠤᠳᠤᠯᠭ᠎ᠠ ᠶᠢ ᠬᠡᠷᠡᠭᠵᠢᠬᠦᠯᠬᠦ ᠪᠤᠯᠤᠨ᠎ᠠ᠃ ᠬᠠᠪᠤᠷ ᠤᠨ ᠤᠯᠠᠷᠢᠯ ᠤᠨ ᠤᠷᠭᠤᠯᠳᠠ ᠶᠢᠨ ᠬᠤᠭᠤᠴᠠᠭᠠᠨ ᠤ ᠪᠡᠯᠴᠢᠭᠡᠷ ᠰᠡᠯᠭᠦᠭᠦ ᠠᠵᠢᠯ ᠢ ᠦᠨᠡᠨ ᠬᠦ ᠪᠦᠲᠦᠮᠵᠢᠲᠡᠶ ᠠᠬᠢᠭᠤᠯᠬᠤ ᠶᠢᠨ ᠲᠥᠯᠥᠭᠡ᠂ ᠰᠢᠯᠤᠭᠤᠨ ᠬᠥᠬᠡ ᠬᠤᠰᠢᠭᠤ ᠲᠥᠷᠥ ᠶᠢᠨ ᠪᠣᠳᠣᠯᠭ᠎ᠠ ᠶᠢ ᠤᠬᠠᠭᠤᠯᠬᠤ ᠡᠷᠴᠢᠮ  ᠢᠶᠠᠨ ᠴᠢᠩᠭᠠᠷᠠᠭᠤᠯᠤᠨ᠂ ᠮᠠᠯᠵᠢᠬᠤ ᠡᠷᠦᠬᠡ ᠶᠢᠨ ᠲᠥᠷᠥ ᠶᠢᠨ ᠪᠣᠳᠣᠯᠭ᠎ᠠ ᠶᠢ ᠤᠶᠢᠯᠠᠭᠠᠵᠤ ᠮᠡᠳᠡᠬᠦ ᠨᠣᠷᠮ᠎ᠠ ᠪᠠ ᠲᠤᠭᠤᠰᠢᠯᠠᠭᠤᠯᠤᠨ ᠬᠡᠷᠡᠭᠵᠢᠭᠦᠯᠬᠦ ᠬᠦᠴᠦᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠮᠠᠯᠴᠢᠳ ᠲᠤ ᠬᠠᠪᠤᠷ ᠤᠨ ᠤᠯᠠᠷᠢᠯ ᠤᠨ ᠪᠡᠯᠴᠢᠭᠡᠷ ᠡᠪᠡᠰᠦᠨ ᠤ ᠤᠷᠭᠤᠯᠳᠠ ᠶᠢᠨ ᠬᠤᠭᠤᠴᠠᠭᠠᠨ ᠳᠤ ᠬᠠᠰᠢᠶᠠᠯᠠᠨ ᠮᠠᠯᠵᠢᠬᠤ ᠠᠵᠢᠯ ᠢ ᠥᠷᠨᠢᠭᠦᠯᠬᠦ ᠶᠢᠨ ᠠᠴᠢ ᠬᠤᠯᠪᠣᠭᠳᠠᠯ ᠪᠠ ᠲᠤᠯᠭᠠᠮ᠎ᠠ ᠴᠢᠨᠠᠷ ᠢ ᠭᠦᠶᠴᠡᠳ ᠲᠠᠨᠢᠭᠤᠯᠵᠤ᠂ ᠤᠷᠢᠳᠠᠴᠢ ᠬᠤᠭᠤᠴᠠᠭᠠᠨ  ᠤ ᠠᠵᠢᠯ ᠢ ᠡᠮᠬᠢ ᠴᠡᠭᠴᠡ ᠲᠠᠢ ᠳᠥᠯᠭᠢᠨ ᠠᠬᠢᠭᠤᠯᠤᠭᠰᠠᠨ ᠪᠠᠶᠢᠨ᠎ᠠ᠃     ᠰᠠᠩ ᠤᠨ ᠲᠡᠯᠡᠶ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠤᠪᠴᠢᠶᠠᠨ ᠤ ᠳᠠᠷᠤᠭ᠎ᠠ ᠰᠠᠷᠠᠨᠳᠤᠩᠭᠠᠯᠠᠭ ᠬᠡᠯᠡᠬᠦ ᠳᠡᠭᠡᠨ᠄ ︽ᠡᠪᠡᠰᠦ ᠪᠡᠯᠴᠢᠭᠡᠷ ᠤᠨ ᠤᠷᠭᠤᠯᠳᠠ ᠶᠢᠨ ᠬᠤᠭᠤᠴᠠᠭ᠎ᠠ ᠪᠣᠯ ᠨᠤᠲᠤᠭ ᠪᠡᠯᠴᠢᠭᠡᠷ ᠤᠨ ᠠᠮᠢ ᠠᠬᠤᠶ ᠬᠠᠮᠤᠭ ᠤᠨ ᠬᠡᠪᠡᠷᠡᠭ ᠪᠠᠭᠤᠷᠠᠢ ᠦᠶ᠎ᠡ ᠤᠴᠢᠷ ᠠᠴᠠ ᠬᠠᠰᠢᠶᠠᠯᠠᠨ ᠮᠠᠯᠵᠢᠬᠤ ᠨᠢ ᠨᠤᠲᠤᠭ ᠪᠡᠯᠴᠢᠭᠡᠷ ᠳᠠᠯᠬᠢᠬᠳᠠᠬᠤ ᠶᠢ ᠪᠦᠲᠦᠮᠵᠢᠲᠡᠶ ᠪᠠᠭᠠᠰᠬᠠᠵᠤ᠂ ᠡᠪᠡᠰᠦᠨ ᠤ ᠤᠷᠭᠤᠯᠳᠠ ᠪᠠ ᠭᠠᠷᠤᠯᠲᠠ ᠶᠢ ᠳᠡᠭᠡᠭᠰᠢᠯᠡᠬᠦᠯᠬᠦ ᠳᠤ ᠠᠰᠢᠭᠳᠠᠢ ᠪᠠᠶᠢᠳᠠᠭ᠃ ᠰᠠᠩ ᠤᠨ ᠳᠠᠯᠠᠶ ᠪᠠᠯᠭᠠᠰᠤ 3 ᠰᠠᠷ᠎ᠠ ᠶᠢᠨ 20 ᠠᠴᠠ ᠡᠬᠢᠯᠡᠨ ᠬᠠᠪᠤᠷ  ᠤᠨ ᠬᠠᠰᠢᠶᠠᠯᠠᠭ᠎ᠠ ᠶᠢᠨ ᠠᠵᠢᠯ ᠢ ᠪᠠᠶᠢᠷᠢᠯᠠᠭᠤᠯᠵᠤ᠂ ᠳᠠᠶᠢᠴᠢᠯᠠᠯᠲᠠ ᠶᠢᠨ ᠶᠡᠭᠡ ᠬᠤᠷᠠᠯ ᠬᠤᠷᠠᠯᠳᠤᠭᠤᠯᠤᠨ᠂ ᠸᠢᠴᠠᠲ  ᠤᠨ ᠣᠯᠠᠨ ᠨᠡᠶᠢᠲᠡ ᠶᠢᠨ ᠲᠠᠪᠴᠠᠩ ᠪᠣᠯᠤᠨ ᠤᠬᠠᠭᠤᠯᠭ᠎ᠠ ᠶᠢᠨ ᠳᠡᠪᠲᠡᠷ ᠳᠠᠷᠬᠠᠭᠠᠬᠤ ᠪᠠᠷ ᠳᠠᠮᠵᠢᠭᠤᠯᠤᠨ ᠤᠯᠠᠨ ᠲᠦᠮᠡᠨ ᠳᠤ ᠬᠦᠢᠴᠡᠳ ᠤᠬᠠᠭᠤᠯᠭ᠎ᠠ ᠬᠢᠵᠡᠶ᠃ ᠲᠠᠷᠠᠭᠠᠴᠢ ᠪᠠᠷ ᠪᠢᠳᠡ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠠᠯᠤᠰ ᠠᠴᠠ ᠬᠢᠨᠠᠨ ᠡᠵᠡᠮᠳᠡᠬᠦ᠂ ᠡᠳᠦᠷ ᠪᠦᠷᠢ ᠴᠠᠭᠳᠠᠨ ᠪᠠᠶᠢᠴᠠᠭᠠᠬᠤ ᠪᠠᠷ ᠳᠠᠮᠵᠢᠭᠤᠯᠤᠨ ᠬᠠᠮᠢᠶᠠᠷᠤᠯᠳᠠ ᠪᠠᠨ ᠴᠢᠩᠭᠠᠳᠬᠠᠵᠤ᠂ ᠡᠨᠡ ᠵᠢᠯ ᠤᠨ ᠬᠠᠪᠤᠷ ᠤᠨ ᠤᠯᠠᠷᠢᠯ ᠤᠨ ᠪᠡᠯᠴᠢᠭᠡᠷ ᠰᠡᠷᠭᠦᠭᠡᠬᠦ ᠠᠵᠢᠯ ᠢ ᠠᠮᠵᠢᠯᠲᠠ ᠲᠠᠢ ᠪᠡᠶᠡᠯᠡᠭᠦᠯᠬᠦ ᠶᠢ ᠪᠠᠲᠤᠯᠠᠨ᠎ᠠ︾ ᠭᠡᠯ᠎ᠡ᠃     ᠣᠶᠢᠷ᠎ᠠ ᠶᠢᠨ ᠵᠢᠯ᠂ ᠰᠢᠯᠤᠭᠤᠨ ᠬᠥᠬᠡ ᠬᠤᠰᠢᠭᠤ ᠬᠠᠪᠤᠷ ᠤᠨ ᠤᠯᠠᠷᠢᠯ ᠤᠨ ᠪᠡᠯᠴᠢᠭᠡᠷ ᠰᠡᠷᠭᠦᠭᠦ ᠬᠤᠭᠤᠴᠠᠭᠠᠨ ᠳᠤ ᠬᠠᠰᠢᠶᠠᠯᠠᠨ ᠮᠠᠯᠵᠢᠬᠤ ᠠᠵᠢᠯ ᠢ ᠦᠷᠭᠦᠯᠵᠢᠯᠡᠨ ᠬᠡᠷᠡᠭᠵᠢᠭᠦᠯᠬᠦ ᠪᠠᠷ ᠳᠡᠮᠵᠢᠨ᠂ ᠮᠠᠯᠴᠢᠳ ᠤᠨ ᠡᠵᠡᠩᠨᠡᠯᠲᠡ ᠶᠢᠨ ᠠᠷᠭ᠎ᠠ ᠬᠡᠯᠪᠡᠷᠢ ᠶᠢ ᠤᠯᠠᠮᠵᠢᠯᠠᠯᠲᠤ ᠲᠡᠵᠢᠭᠡᠨ ᠦᠷᠡᠵᠢᠭᠦᠯᠬᠦ ᠵᠠᠭᠪᠤᠷ ᠠᠴᠠ ᠠᠯᠬᠤᠮ ᠠᠯᠬᠤᠮ ᠢᠶᠠᠷ ᠨᠠᠷᠢᠯᠢᠬᠵᠢᠭᠤᠯᠤᠭᠰᠠᠨ᠂ ᠰᠢᠨᠵᠢᠯᠡᠬᠦ ᠤᠬᠠᠭᠠᠨᠴᠢ ᠬᠡᠯᠪᠡᠷᠢ ᠲᠡᠰᠢ ᠬᠤᠪᠢᠷᠠᠭᠤᠯᠵᠤ᠂ ᠲᠠᠩ ᠴᠤᠯᠭᠤᠶ ᠪᠡᠯᠴᠢᠭᠡᠷᠯᠡᠭᠦᠯᠦᠨ ᠮᠠᠯᠵᠢᠵᠦ ᠪᠠᠶᠢᠭᠰᠠᠨ ᠠᠴᠠ ᠪᠡᠯᠴᠢᠭᠡᠷᠯᠡᠬᠦ ᠪᠠ ᠬᠠᠰᠢᠶᠠᠯᠠᠨ ᠮᠠᠯᠵᠢᠬᠤ ᠬᠠᠭᠠᠰ ᠬᠠᠰᠢᠶᠠᠯᠠᠨ ᠮᠠᠯᠵᠢᠬᠤ ᠶᠢ ᠤᠶᠠᠯᠳᠤᠭᠤᠯᠬᠤ ᠠᠷᠭ᠎ᠠ ᠬᠡᠯᠪᠡᠷᠢ ᠵᠦᠭ ᠰᠢᠯᠵᠢᠵᠦ᠂ ᠮᠠᠯᠴᠢᠳ ᠤᠨ ᠠᠮᠢ ᠠᠬᠤᠶ ᠶᠢ ᠬᠠᠮᠠᠭᠠᠯᠠᠬᠤ ᠤᠬᠠᠮᠰᠠᠷ ᠨᠡᠶᠢᠳᠡᠮ ᠳᠡᠭᠡᠨ ᠳᠡᠭᠡᠭᠰᠢᠯᠡᠭᠰᠡᠨ ᠤᠬᠢ ᠰᠠᠶᠢᠨ ᠪᠠᠶᠢᠳᠠᠯ ᠲᠠᠢ ᠪᠤᠯᠤᠭᠰᠠᠨ ᠪᠠᠶᠢᠨ᠎ᠠ᠃  
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号