ᠰᠢᠯᠤᠭᠤᠨ ᠬᠥᠬᠡ ᠬᠤᠰᠢᠭᠤᠨ ᠤ ᠳᠣᠲᠣᠭᠠᠳᠤ ᠶᠢ  ᠬᠠᠮᠠᠭᠠᠯᠠᠬᠤ  ᠲᠣᠪᠴᠢᠶᠠᠨ  ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠬᠤᠲᠠ ᠲᠣᠭᠤᠷᠢᠭ ᠤᠨ ᠵᠠᠮ ᠬᠠᠷᠢᠯᠴᠠᠭᠠᠨ ᠤ ᠡᠮᠬᠢ  ᠳᠢᠭᠯᠢᠮ  ᠢ  ᠶᠡᠷᠦᠩᠬᠡᠶᠢᠯᠡᠨ  ᠴᠡᠭᠴᠡᠯᠡᠨ  ᠵᠠᠰᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/9
     ᠱᠠᠩᠳᠤ ᠪᠠᠯᠭᠠᠰᠤᠨ ᠤ ᠬᠤᠲᠠ ᠲᠣᠭᠤᠷᠢᠭ ᠤᠨ ᠵᠠᠮ ᠬᠠᠷᠢᠯᠴᠠᠭᠠᠨ ᠤ ᠡᠮᠬᠢ ᠳᠢᠭᠯᠢᠮ ᠤᠨ ᠬᠠᠮᠢᠶᠠᠷᠤᠯᠲᠠ ᠶᠢ ᠪᠥᠬᠦ ᠲᠠᠯ᠎ᠠ ᠪᠠᠷ ᠵᠢᠷᠤᠮᠵᠢᠭᠤᠯᠤᠨ ᠴᠢᠩᠭᠠᠳᠬᠠᠵᠤ᠂ ᠠᠮᠤᠷ ᠲᠦᠪᠰᠢᠨ ᠡᠶ᠎ᠡ ᠵᠣᠬᠢᠴᠠᠩᠭᠤᠶ ᠬᠤᠲᠠ ᠶᠢᠨ ᠵᠠᠮ ᠬᠠᠷᠢᠯᠴᠠᠭᠠᠨ ᠤ ᠣᠷᠴᠢᠨ ᠲᠣᠭᠤᠷᠢᠨ ᠢ ᠪᠣᠶ ᠪᠣᠯᠭᠠᠬᠤ ᠶᠢᠨ ᠲᠣᠰᠠᠳᠠ᠂ ᠤᠶᠢᠷ᠎ᠠ ᠶᠢᠨ ᠡᠳᠦᠷ᠂ ᠰᠢᠯᠤᠭᠤᠨ ᠬᠥᠬᠡ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠬᠠᠪᠤᠷ ᠤᠨ ᠤᠯᠠᠷᠢᠯ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠦᠷᠨᠢᠬᠦᠯᠥᠭᠰᠡᠡ ᠪᠠᠶᠢᠨ᠎ᠠ᠃     ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠳᠤᠮᠳᠠ᠂ ᠬᠤᠰᠢᠭᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠨᠢ ᠭᠤᠤᠯᠳᠠᠯᠭ᠎ᠠ ᠲᠠᠢ ᠵᠠᠮ ᠤᠨ ᠬᠡᠰᠡᠭ‌‍ᠲ᠋ᠣ ᠴᠠᠭᠳᠠᠭ᠎ᠠ ᠪᠠᠶᠢᠬᠤ᠂ ᠬᠠᠮᠢᠶᠠᠷᠤᠨ ᠡᠵᠡᠮᠳᠡᠬᠦ ᠵᠡᠷᠭᠡ ᠲᠠᠯ᠎ᠠ ᠪᠠᠷ ᠴᠢᠩᠭᠠᠥᠠᠬᠠᠵᠤ᠂ ᠬᠠᠷᠢᠶ᠎ᠠ ᠣᠷᠣᠨ ᠤ ᠮᠠᠰᠢᠨᠲᠤ ᠲᠡᠷᠭᠡ᠂ ᠮᠠᠰᠢᠨᠲᠤ ᠪᠤᠰᠤ ᠲᠡᠷᠭᠡ ᠶᠢᠨ ᠲᠥᠷᠢᠮ ᠲᠤᠠᠠᠳᠠᠭᠠᠯ ᠳᠤ ᠴᠢᠭᠯᠡᠭᠦᠯᠦᠨ᠂ ᠴᠠᠭᠳᠠᠭᠠᠨ ᠤ ᠬᠦᠴᠦᠨ ᠢ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠤᠨ᠂ ᠦᠢᠯᠡᠴᠢᠯᠡᠭᠡᠨ ᠤ ᠠᠵᠢᠯ ᠢ ᠵᠦᠢ ᠵᠣᠬᠢᠰᠲᠠᠶ ᠲᠣᠬᠢᠷᠠᠭᠤᠯᠵᠤ᠂ ᠮᠠᠰᠢᠨᠲᠤ ᠲᠡᠷᠭᠡ᠂ ᠮᠠᠰᠢᠨᠲᠤ ᠪᠤᠰᠤ ᠲᠡᠷᠭᠡ ᠳᠤᠷ᠎ᠠ ᠪᠠᠷ ᠵᠣᠬᠰᠣᠬᠤ᠂ ᠦᠨᠡᠮᠯᠡᠯ ᠥᠬᠡᠶ ᠪᠠᠷ ᠵᠢᠯᠣᠭᠤᠳᠬᠤ᠂ ᠰᠥᠷᠭᠡᠦ ᠶᠠᠪᠤᠬᠤ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ᠂ ᠴᠠᠬᠢᠯᠭᠠᠨ ᠬᠥᠳᠡᠯᠭᠡᠭᠦᠷᠲᠦ ᠮᠣᠲ᠋ᠣᠷ ᠲᠡᠷᠭᠡᠨ ᠤ ᠮᠠᠯᠠᠭᠠᠢ ᠵᠡᠭᠦᠭᠰᠡᠨ ᠥᠬᠡᠶ ᠵᠡᠷᠭᠡ ᠦᠶᠯᠡ ᠠᠵᠢᠯᠯᠠᠭ᠎ᠠ ᠳᠤ ︽ᠨᠢᠭᠡ ᠶᠢ ᠢᠯᠡᠷᠡᠭᠦᠯᠪᠡᠯ᠂ ᠨᠢᠭᠡ ᠶᠢ ᠪᠠᠶᠢᠴᠠᠭᠠᠨ ᠰᠢᠶᠳᠬᠡᠵᠦ᠂ ᠨᠢᠭᠡ ᠶᠢ ᠤᠬᠠᠭᠤᠯᠵᠤ︾ ᠴᠡᠭᠴᠡᠯᠡᠨ ᠵᠠᠰᠠᠭᠰᠠᠨ ᠦᠷ᠎ᠡ ᠪᠦᠲᠦᠮᠵᠢ ᠶᠢ ᠪᠡᠶᠡᠯᠡᠬᠦᠯᠵᠡᠢ᠃     4 ᠰᠠᠷ᠎ᠠ ᠶᠢᠨ 1 ᠤ ᠡᠳᠦᠷ ᠠᠴᠠ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠭᠠᠰᠢ᠂ ᠰᠢᠯᠤᠭᠤᠨ ᠬᠥᠬᠡ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠡᠯ᠎ᠡ ᠲᠥᠷᠥᠯ ᠤᠨ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠨᠡᠶᠢᠲᠡ 365 ᠤᠳᠠᠭ᠎ᠠ ᠪᠠᠶᠢᠴᠠᠭᠠᠨ ᠰᠢᠶᠳᠪᠦᠷᠢᠯᠡᠵᠦ᠂ ᠡᠭᠦᠨ ᠳᠤ ᠠᠷᠢᠬᠢ ᠤᠤᠭᠤᠵᠤ ᠲᠡᠷᠭᠡ ᠵᠢᠯᠣᠭᠤᠳᠤᠭᠰᠠᠨ 31 ᠬᠡᠷᠡᠭ᠂ ᠦᠨᠡᠮᠯᠡᠯ ᠥᠬᠡᠶ ᠲᠡᠷᠬᠡ ᠵᠢᠯᠣᠭᠤᠳᠤᠭᠰᠠᠨ18 ᠬᠡᠷᠡᠭ᠂ ᠬᠥᠮᠦᠨ ᠤ ᠲᠤᠭ᠎ᠠ ᠬᠡᠳᠦᠷᠡᠭᠰᠡᠡ1 ᠬᠡᠷᠡᠭ᠂ ᠵᠢᠯᠣᠭᠤᠴᠢ ᠶᠢᠨ ᠦᠨᠡᠮᠯᠡᠯ ᠢ ᠬᠤᠷᠢᠶᠠᠨ ᠠᠪᠴᠤ ᠬᠦᠴᠦᠨ ᠥᠬᠡᠶ ᠪᠣᠯᠭᠠᠭᠰᠠᠨ ᠬᠤᠭᠤᠴᠠᠭᠠᠨ ᠳᠤ ᠮᠠᠰᠢᠨ‌‍ᠲ᠋ᠡᠷᠭᠡ ᠵᠢᠯᠣᠭᠤᠳᠣᠠᠠᠰᠠᠨ1ᠬᠡᠷᠡᠭ᠂ ᠮᠣᠲ᠋ᠣᠷ ᠲᠡᠷᠭᠡ᠂ ᠴᠠᠬᠢᠯᠭᠠᠨ ᠬᠥᠳᠡᠯᠭᠡᠭᠦᠷᠲᠦ ᠲᠡᠷᠭᠡ ᠤᠨᠤᠬᠤ ᠳᠤ ᠠᠮᠤᠷ ᠲᠦᠪᠰᠢᠨ ᠤ ᠮᠠᠯᠠᠭᠠᠢ ᠵᠡᠭᠦᠭᠰᠡᠨ ᠥᠬᠡᠶ 310 ᠬᠡᠷᠡᠭ  ᠢ ᠪᠠᠶᠢᠴᠠᠭᠠᠨ ᠢᠯᠡᠷᠡᠬᠦᠯᠵᠡᠢ᠃     ᠲᠠᠷᠠᠭᠠᠴᠢ ᠶᠢᠨ ᠠᠯᠬᠤᠮ ᠳᠤ᠂ ᠰᠢᠯᠤᠭᠤᠨ ᠬᠥᠬᠡ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ  ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠵᠠᠮ ᠬᠠᠷᠢᠯᠴᠠᠭᠠᠨ ᠤ ᠠᠮᠤᠷ ᠲᠦᠪᠰᠢᠨ ᠤ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠭᠦᠨᠵᠡᠭᠡᠶ ᠠᠬᠢᠭᠤᠯᠵᠤ᠂ᠵᠠᠮ ᠬᠠᠷᠢᠯᠴᠠᠭᠠᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠰᠠᠬᠢᠨ᠂ ᠪᠥᠬᠦ ᠬᠤᠰᠢᠭᠤᠨ ᠤ ᠠᠷᠠᠳ ᠲᠦᠮᠡᠨ ᠳᠤ ᠠᠮᠤᠷ ᠲᠦᠪᠰᠢᠨ᠂ ᠰᠠᠭᠠᠳ ᠥᠬᠡᠶ ᠨᠡᠪᠲᠡᠷᠡᠬᠦ ᠵᠠᠮ ᠬᠠᠷᠢᠯᠴᠠᠭᠠᠨ ᠤ ᠣᠷᠴᠢᠨ ᠲᠣᠭᠤᠷᠢᠨ ᠢ ᠪᠣᠶ ᠪᠣᠯᠭᠠᠬᠤ ᠪᠣᠯᠣᠨ᠎ᠠ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号