ᠠᠷᠠᠳ ᠤᠨ ᠲᠥᠯᠥᠭᠡᠯᠡᠭᠴᠢ ᠠᠮᠢ ᠠᠬᠤᠢ ᠶᠢᠨ ᠬᠠᠮᠠᠭᠠᠯᠠᠯᠳᠠ ᠶᠢᠨ ᠠᠵᠢᠯ ᠳᠤ ᠬᠥᠴᠥᠨ ᠨᠡᠮᠡᠷᠢᠯᠡᠵᠤ ᠪᠠᠶᠢᠨ᠎ᠠ
ᠨᠡᠶᠢᠲᠡᠯᠡᠭᠰᠡᠨ ᠴᠠᠭ᠄
2024/5/13
           ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ ᠵᠠᠰᠠᠬᠤ ᠳᠠᠶᠢᠯᠠᠯᠳᠤᠭᠠᠨ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠶᠢᠨ ᠲᠤᠰᠠᠳᠠ 5 ᠰᠠᠷ᠎ᠠ ᠶᠢᠨ 10 ᠤ ᠡᠳᠦᠷ᠂ ᠰᠢᠯᠤᠭᠤᠨ ᠬᠥᠬᠡ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠰᠠᠶᠢᠨᠬᠤᠳᠳᠤᠭ  ᠰᠣᠮᠣᠨ ᠳᠤ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠤᠬᠠᠭᠤᠯᠬᠤ ᠰᠠᠷ᠎ᠠ ᠶᠢᠨ ᠭᠤᠤᠯ ᠰᠡᠳᠦᠪᠲᠦ ᠠᠵᠢᠯᠯᠠᠭ᠎ᠠ ᠥᠷᠨᠢᠭᠦᠯᠬᠦ ᠵᠢᠴᠢ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ ᠠᠮᠢ ᠠᠬᠤᠶ ᠣᠷᠴᠢᠨ ᠲᠣᠭᠤᠷᠢᠨ  ᠤ ᠬᠠᠮᠠᠭᠠᠯᠠᠯᠳᠠ ᠶᠢ ᠲᠠᠮᠵᠢᠬᠦ ᠠᠷᠠᠳ ᠤᠨ ᠲᠥᠯᠥᠭᠡᠯᠡᠭᠴᠢᠥᠨ ᠤᠨ ᠲᠤᠰᠬᠠᠶ ᠠᠵᠢᠯᠯᠠᠭ᠎ᠠ ᠥᠷᠨᠢᠭᠦᠯᠵᠦ᠂ ᠬᠤᠰᠢᠭᠤ᠂ ᠰᠤᠮᠤ ᠬᠤᠶᠠᠷ ᠱᠠᠲᠤᠨ ᠤ  50 ᠭᠠᠷᠤᠶ ᠠᠷᠠᠳ ᠤᠨ ᠲᠥᠯᠥᠭᠡᠯᠡᠭᠴᠢ ᠠᠵᠢᠯᠯᠠᠭ᠎ᠠ ᠳᠤ ᠣᠷᠣᠯᠴᠠᠪᠠ᠃  ᠲᠤᠰ ᠠᠵᠢᠯᠯᠠᠭ᠎ᠠ  ᠪᠠᠷ ᠰᠠᠶᠢᠨᠬᠤᠳᠳᠤᠭ ᠰᠤᠮᠤᠨ ᠤ ᠨᠠᠷᠠᠰᠤᠲᠤ ᠭᠠᠴᠠᠭᠠᠨ ᠤ ᠡᠯᠡᠰᠦᠷᠬᠡᠭᠵᠢᠭᠰᠡᠨ ᠭᠠᠵᠠᠷ ᠲᠤ ᠪᠤᠷᠭᠠᠰᠤ ᠮᠤᠳᠤ ᠲᠠᠷᠢᠵᠤ᠂ ᠠᠵᠢᠯᠯᠠᠭᠠᠨ ᠤ ᠲᠤᠬᠠᠢ ᠶᠢᠨ ᠲᠠᠯᠠᠪᠠᠢ ᠳᠤ ᠤᠯᠠᠨ ᠢᠶᠠᠷ ᠢᠶᠠᠨ ᠤᠷᠬᠢᠯᠤᠮ᠎ᠠ ᠬᠠᠯᠠᠭᠤᠨ ᠰᠡᠥᠠᠬᠢᠯᠭᠡ ᠲᠠᠢ᠂ ᠡᠷᠴᠢ ᠵᠤᠷᠢᠭ ᠲᠡᠬᠦᠯᠳᠡᠷ ᠢᠶᠠᠷ ᠠᠵᠢᠯ ᠤᠨ ᠠᠯᠬᠤᠮ ᠨᠢᠭᠡᠪᠤᠷᠢ ᠶᠢ ᠡᠮᠬᠢ ᠴᠡᠭᠴᠡ ᠲᠠᠢ ᠬᠢᠵᠤ ᠠᠷᠢᠭᠤᠨ ᠬᠥᠳᠡᠯᠮᠤᠷᠢ ᠶᠢᠨ ᠪᠠᠶᠠᠷ ᠪᠠᠭ᠋ᠠᠳᠤᠯ ᠲᠥᠬᠦᠷᠡᠩ ᠪᠠᠶᠢᠯ᠎ᠠ᠃     ᠰᠢᠯᠤᠭᠤᠨ ᠬᠥᠬᠡ ᠬᠤᠰᠢᠭᠤᠨ ᠤ ᠰᠠᠶᠢᠨᠬᠤᠳᠳᠤᠭ ᠰᠤᠮᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠨᠠᠰᠤᠨ᠋ᠥ᠌ᠯᠵᠡᠶ᠄  ︽ᠪᠢᠳᠡ ᠪᠤᠷᠭᠠᠰᠤ ᠳᠠᠷᠢᠬᠤ ᠠᠵᠢᠯᠯᠠᠭ᠎ᠠ ᠶᠢ ᠭᠤᠷᠪᠠᠨ ᠵᠢᠯ ᠳᠠᠷᠠᠭᠠᠯᠠᠨ ᠥᠷᠨᠢᠭᠦᠯᠵᠦ᠂ ᠨᠡᠶᠢᠲᠡ 500 ᠮᠥ ᠣᠷᠴᠢᠮ ᠳᠠᠷᠢᠵᠤ᠂ ᠡᠳᠡᠭᠡᠷᠡᠯᠲᠡ ᠶᠢᠨ ᠨᠣᠷᠮ᠎ᠠ ᠮᠠᠰᠢ ᠥᠨᠳᠥᠷ ᠪᠠᠶᠢᠨ᠎ᠠ᠃ ᠡᠨᠡ ᠵᠢᠯ ᠪᠢᠳᠡ 100 ᠮᠥ ᠣᠷᠴᠢᠮ ᠳᠠᠷᠢᠬᠤ ᠪᠠᠷ ᠲᠥᠯᠥᠪᠯᠡᠵᠦ  ᠪᠣᠶ᠃  ᠡᠨᠡ ᠬᠡᠳᠦᠨ ᠵᠢᠯ ᠤᠨ ᠪᠤᠷᠭᠠᠰᠤ ᠮᠤᠳᠤ ᠲᠠᠷᠢᠠᠠᠰᠠᠠ ᠪᠤᠳᠠᠳᠤ ᠪᠠᠶᠢᠳᠠᠯ ᠢᠶᠠᠷ ᠳᠡᠮᠵᠢᠨ᠂ ᠮᠠᠨ ᠤ ᠲᠥᠯᠥᠭᠡᠯᠡᠭᠴᠢ  ᠮᠠᠯᠴᠢᠥᠨ ᠴᠦ ᠡᠯᠡᠰᠦ ᠵᠠᠰᠠᠬᠤ ᠲᠤᠷᠰᠢᠯᠭ᠎ᠠ ᠪᠠᠭ᠎ᠠ ᠪᠤᠰᠤ ᠬᠤᠷᠠᠮᠳᠤᠭᠤᠯᠤᠭᠰᠠᠨ ᠪᠠᠶᠢᠨ᠎ᠠ ︾ ᠬᠡᠯ᠎ᠡ᠃    ᠲᠣᠰ ᠤᠳᠠᠭᠠᠨ ᠤ ᠮᠣᠳᠣ ᠳᠠᠷᠢᠬᠤ ᠠᠵᠢᠯᠯᠠᠭ᠎ᠠ ᠪᠠᠷ ᠳᠡᠮᠵᠢᠨ᠂ ᠲᠥᠯᠥᠭᠡᠯᠡᠭᠴᠢᠳ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠨᠠᠩ ᠭᠦᠨᠵᠡᠭᠡᠶ ᠤᠶᠢᠯᠠᠭᠠᠠᠠᠰᠠᠠ ᠢᠶᠠᠷ ᠪᠠᠷᠠᠬᠤ ᠥᠬᠡᠶ᠂ ᠠᠷᠠᠳ ᠤᠨ ᠲᠥᠯᠥᠭᠡᠯᠡᠭᠴᠢᠳ ᠲᠦᠷᠦᠭᠦᠯᠡᠨ ᠵᠢᠱᠢᠶ᠎ᠡ ᠦᠵᠡᠭᠦᠯᠬᠦ ᠰᠠᠶᠢᠨ ᠰᠠᠶᠢᠬᠠᠨ ᠣᠶᠤᠨ ᠰᠠᠨᠠᠭᠠᠨ ᠤ ᠳᠦᠷᠰᠦ ᠪᠠᠶᠢᠳᠠᠯ ᠪᠠ ᠡᠭᠦᠷᠭᠡ ᠬᠠᠷᠢᠭᠤᠴᠠᠯᠭ᠎ᠠ ᠶᠢ ᠢᠯᠡᠷᠡᠭᠦᠯᠦᠭᠰᠡᠨ ᠤ ᠬᠠᠮᠳᠣ ᠣᠯᠠᠨ ᠲᠦᠮᠡᠨ ᠢ ᠬᠥᠲᠥᠯᠥᠨ ᠵᠢᠯᠣᠭᠤᠳᠴᠤ ᠪᠣᠬᠢᠷᠲᠤᠯ ᠥᠬᠡᠶ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠳᠤ ᠣᠷᠣᠯᠴᠠᠭᠤᠯᠵᠣ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠪᠥᠲᠥᠭᠡᠨ ᠪᠠᠶᠢᠭᠤᠯᠤᠯᠲᠠ ᠶᠢᠨ ᠲᠠᠯ᠎ᠠ ᠪᠠᠷ  ᠬᠢ ᠵᠢᠱᠢᠶᠡᠴᠢ ᠳᠠᠭᠠᠭᠤᠯᠤᠭᠴᠢ ᠪᠠ ᠤᠬᠠᠭᠤᠯᠵᠤ ᠬᠥᠲᠥᠯᠥᠨ ᠵᠢᠯᠣᠭᠤᠳᠬᠤ ᠦᠶᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ  ᠢ ᠵᠠᠰᠠᠬᠤ ᠳᠠᠶᠢᠯᠠᠯᠳᠤᠭᠠᠨ ᠢ ᠰᠠᠶᠢᠲᠤᠷ ᠬᠢᠬᠦ ᠳᠤ ᠨᠠᠩ ᠶᠡᠭᠡ ᠬᠤᠪᠢ ᠨᠡᠮᠡᠷᠢ  ᠥᠵᠡᠬᠦᠯᠬᠦ  ᠳᠤ ᠪᠠᠳᠤ ᠰᠠᠭᠤᠷᠢ ᠲᠠᠯᠪᠢᠠᠠᠰᠠᠠ ᠪᠠᠶᠢᠨ᠎ᠠ᠃
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号