ᠰᠢᠯᠤᠭᠤᠨ ᠬᠥᠬᠡ ᠬᠤᠰᠢᠭᠤᠨ ᠤ ︿ᠬᠥᠮᠦᠨ ᠪᠠ ᠲᠠᠯ᠎ᠠ ᠨᠤᠳᠤᠭ﹀ ᠣᠷᠴᠢᠨ ᠲᠣᠭᠤᠷᠢᠨ ᠢ ᠬᠠᠮᠠᠭᠠᠯᠠᠬᠤ ᠰᠠᠶᠢᠨ ᠳᠤᠷᠠᠴᠤᠳ ᠤᠨ ᠨᠡᠶᠢᠭᠡᠮᠯᠢᠭ ᠮᠣᠳᠣ ᠲᠠᠷᠢᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/5/13
    5 ᠰᠠᠷ᠎ᠠ ᠶᠢᠨ 12 ᠤᠨ ᠡᠳᠦᠷ᠂ ᠰᠢᠯᠤᠭᠤᠨ ᠬᠥᠬᠡ ᠬᠤᠰᠢᠭᠤᠨ ᠤ ︿ᠬᠥᠮᠦᠨ ᠪᠠ ᠲᠠᠯ᠎ᠠ ᠨᠤᠳᠤᠭ﹀ ᠣᠷᠴᠢᠨ ᠲᠣᠭᠤᠷᠢᠨ ᠢ ᠬᠠᠮᠠᠭᠠᠯᠠᠬᠤ ᠰᠠᠶᠢᠨ ᠳᠤᠷᠠᠴᠤᠳ ᠤᠨ ᠨᠡᠶᠢᠭᠡᠮᠯᠢᠭ ᠤᠨ ᠬᠢᠨ ᠳᠠᠪᠦ‍ ᠨᠢᠭᠡ ᠮᠠᠯᠵᠢᠯ ᠤᠨ ᠲᠠᠯᠠᠪᠠᠶ ᠶᠢᠨ ᠵᠢᠷᠭᠤᠳᠤᠭᠠᠷ ᠬᠤᠪᠢᠶᠠᠷᠢ ᠲᠠᠯᠠᠪᠠᠶ ᠳᠤ ᠬᠦᠷᠴᠦ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠥᠷᠨᠢᠭᠦᠯᠪᠡ᠃     ᠤᠯᠠᠨ ᠢᠶᠠᠷ ᠢᠶᠠᠨ ᠨᠦᠬᠡ ᠮᠠᠯᠳᠠᠬᠤ᠂ ᠴᠢᠭᠢ ᠰᠠᠭᠤᠯᠭᠠᠬᠤ᠂ ᠪᠤᠯᠠᠬᠤ ᠵᠡᠷᠭᠡ ᠠᠵᠢᠯ ᠤᠳ ᠢ ᠬᠤᠪᠢᠳᠠᠨ ᠬᠦᠢᠴᠡᠳᠭᠡᠵᠦ᠂ ᠣᠷᠭᠢᠯᠤᠮ᠎ᠠ ᠬᠠᠯᠠᠭᠤᠨ ᠰᠡᠳᠬᠢᠯᠭᠡ ᠪᠠᠷ ᠡᠷᠴᠢ ᠵᠤᠷᠢᠭᠳᠠᠢ ᠠᠵᠢᠯᠯᠠᠨ᠂ ᠪᠦᠬᠦᠶᠢᠯᠡ ᠠᠬᠤᠢ ᠲᠠᠯᠠᠪᠠᠢ ᠳᠤ ᠪᠦᠯᠬᠦᠮᠳᠡᠨ ᠬᠠᠮᠵᠢᠯᠴᠠᠵᠤ᠂ ᠤᠷᠤᠭᠰᠢᠯᠠᠨ ᠲᠠᠪᠰᠢᠬᠤ ᠠᠭᠤᠷ ᠠᠮᠢᠰᠬᠤᠯ ᠪᠢᠯᠬᠠᠵᠤ ᠪᠠᠶᠢᠯ᠎ᠠ ᠃ ᠰᠠᠶᠢᠨ ᠳᠤᠷᠠᠴᠤᠳ ᠪᠠᠰᠠ ᠬᠡᠦᠬᠡᠳ ᠢᠶᠠᠨ ᠳᠠᠭᠠᠭᠤᠯᠤᠨ ᠬᠠᠮᠲᠤ ᠪᠠᠷ ᠣᠷᠣᠯᠴᠠᠵᠤ᠂ ᠬᠡᠦᠬᠡᠳ ᠤᠳ ᠲᠤ  ᠬᠥᠳᠡᠯᠮᠦᠷᠢ ᠶᠢᠨ ᠪᠠᠶᠠᠷ ᠪᠠᠭ᠋ᠠᠳᠤᠯ ᠢ ᠤᠶᠢᠯᠠᠭᠠᠭᠤᠯᠵᠠᠢ᠃     ᠰᠢᠯᠤᠭᠤᠨ ᠬᠥᠬᠡ ᠬᠤᠰᠢᠭᠤᠨ ᠤ ︿ᠬᠥᠮᠦᠨ ᠪᠠ ᠲᠠᠯ᠎ᠠ ᠨᠤᠲᠤᠭ﹀ ᠣᠷᠴᠢᠨ ᠲᠣᠭᠤᠷᠢᠨ ᠢ ᠬᠠᠮᠠᠭᠠᠯᠠᠬᠤ ᠰᠠᠶᠢᠨ ᠳᠤᠷᠠᠴᠤᠳ ᠤᠨ ᠨᠡᠶᠢᠭᠡᠮᠯᠢᠭ ᠤᠨ ᠬᠠᠷᠢᠭᠤᠴᠠᠯᠭᠠᠲᠠᠨ ᠪᠦ᠋ᠦ ᠮᠢᠩ ᠵᠦ ᠬᠡᠯᠡᠬᠦ ᠳᠡᠭᠡᠨ᠄ ᠪᠢᠳᠡ ᠡᠨᠡ ᠵᠢᠯ ᠬᠤᠶᠠᠳᠠᠬᠢ ᠤᠳᠠᠭ᠎ᠠ ᠬᠤᠯᠠᠨ ᠰᠢᠷᠭ᠎ᠠ ᠲᠠᠭ᠎ᠠ ᠶᠢᠨ ᠡᠯᠡᠰᠦᠨ ᠳᠤ ᠳᠠᠷᠢᠵᠤ ᠤᠶᠢᠵᠢᠭᠤᠯᠬᠤ ᠠᠵᠢᠯᠯᠠᠭ᠎ᠠ ᠦᠷᠨᠢᠬᠦᠯᠦᠯ᠎ᠡ᠃ ᠥᠨᠥᠳᠦᠷ ᠡᠯᠡᠰᠦ ᠶᠢ ᠲᠣᠭᠲᠠᠪᠤᠷᠢᠵᠢᠭᠤᠯᠬᠤ ᠤᠯᠢᠶᠠᠰᠤ ᠮᠤᠳᠤ ᠳᠠᠷᠢᠭᠰᠠᠨ᠂ 1 - 2 ᠮᠧᠲᠷ ᠦᠨᠳᠦᠷ᠂ ᠶᠠᠭᠠᠨ ᠥᠩᠭᠡᠲᠡᠶ ᠴᠡᠴᠡᠭ ᠳᠡᠯᠭᠡᠷᠡᠵᠦ ᠭᠤᠶᠤ ᠰᠠᠶᠢᠬᠠᠨ ᠦᠵᠡᠮᠵᠢ ᠶᠢ ᠪᠦᠷᠢᠳᠦᠭᠦᠯᠳᠡᠭ᠃ ᠤᠯᠢᠶᠠᠰᠤ  ᠶᠢ ᠪᠠᠰᠠ ᠡᠯᠡᠰᠦ ᠶᠢ ᠲᠣᠭᠲᠠᠪᠤᠷᠢᠵᠢᠭᠤᠯᠬᠤ ᠬᠤᠰᠢᠭᠤᠴᠢ ᠮᠤᠳᠤ ᠭᠡᠵᠦ ᠬᠡᠯᠡᠳᠡᠭ ᠶᠤᠮ᠃ ᠰᠢᠯᠤᠭᠤᠨ ᠬᠥᠬᠡ ᠬᠤᠰᠢᠭᠤᠨ ᠤ ᠣᠷᠴᠢᠨ ᠲᠣᠭᠤᠷᠢᠨ ᠢ ᠬᠠᠮᠠᠭᠠᠯᠠᠬᠤ ᠰᠠᠶᠢᠨ ᠲᠤᠷᠠᠴᠤᠳ ᠤᠨ ᠨᠡᠶᠢᠭᠡᠮᠯᠢᠭ 2019 ᠣᠨ ᠠᠴᠠ ᠡᠬᠢᠯᠡᠨ ᠡᠯᠡᠰᠦᠷᠬᠡᠭᠵᠢᠯ ᠢ ᠵᠠᠰᠠᠬᠤ ᠠᠵᠢᠯᠯᠠᠭ᠎ᠠ ᠥᠷᠨᠢᠭᠦᠯᠵᠦ᠂ ᠣᠳᠣ ᠪᠣᠯᠲᠠᠯ᠎ᠠ ᠪᠠᠷᠢᠮᠲᠠᠯᠠᠭᠰᠠᠭᠠᠷ ᠢᠷᠡᠵᠡᠢ᠃ ᠬᠤᠯᠠᠨ ᠰᠢᠷᠭ᠎ᠠ ᠲᠠᠭ᠎ᠠ ᠶᠢᠨ ᠡᠯᠡᠰᠦᠷᠭᠡᠭᠵᠢᠯ ᠢ ᠵᠠᠰᠠᠬᠤ ᠳᠠᠶᠢᠯᠠᠯᠳᠤᠭᠠᠨ ᠳᠤ ᠪᠢᠳᠡ ᠦᠷᠬᠦᠯᠵᠢᠯᠡᠨ ᠬᠦᠴᠦᠨ ᠵᠢᠳᠬᠦᠯ ᠢᠶᠠᠨ ᠡᠷᠭᠦᠭᠦ ᠪᠠᠷ ᠴᠢᠷᠮᠠᠶᠢᠵᠤ ᠪᠤᠢ ᠭᠡᠯ᠎ᠡ᠃     ᠠᠵᠢᠯᠯᠠᠭ᠎ᠠ ᠳᠤ 40 ᠰᠢᠬᠠᠮ ᠰᠠᠶᠢᠨ ᠲᠤᠷᠠᠴᠤᠳ ᠵᠢᠷᠭᠤᠳᠤᠭᠠᠷ ᠬᠤᠪᠢᠶᠠᠷᠢ ᠲᠠᠯᠠᠪᠠᠢ ᠶᠢᠨ 60 ᠭᠠᠷᠤᠢ ᠮᠦ ᠡᠯᠡᠰᠦᠨ ᠳᠤ 25000 ᠭᠠᠷᠤᠢ ᠰᠢᠷᠭᠡᠭ ᠤᠯᠢᠶᠠᠰᠤ ᠲᠠᠷᠢᠵᠦ᠂ ᠬᠤᠶᠢᠰᠢᠳᠠ ᠦᠷᠬᠦᠯᠵᠢᠯᠡᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠳᠤ ᠢᠳᠡᠪᠬᠢᠲᠡᠢ ᠤᠷᠤᠯᠴᠠᠨ᠂ ᠪᠣᠳᠠᠲᠤ ᠠᠵᠢᠯᠯᠠᠭ᠎ᠠ ᠪᠠᠷ ᠢᠶᠠᠨ ᠨᠤᠲᠤᠭ ᠤᠰᠤ ᠪᠨ ᠤᠶᠢᠵᠢᠭᠤᠯᠬᠤ ᠳᠤ ᠬᠦᠴᠦᠨ ᠨᠡᠮᠡᠷᠢᠯᠡᠨ᠎ᠡ ᠭᠡᠵᠡᠭᠡᠵᠦ ᠪᠠᠶᠢᠯ᠎ᠠ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号