ᠰᠢᠯᠤᠭᠤᠨ ᠬᠦᠭᠡ ᠬᠤᠰᠢᠭᠤᠨ ᠤ ᠨᠠᠰᠤᠲᠠᠶᠢᠴᠤᠳ ᠤᠨ ᠴᠢᠴᠢᠭᠦᠷ ᠪᠦᠮᠪᠦᠭᠡ ᠶᠢᠨ ᠤᠷᠤᠯᠳᠤᠭᠠᠨ ᠶᠠᠪᠤᠭᠳᠠᠯ᠎ᠠ
ᠨᠡᠶᠢᠲᠡᠯᠡᠭᠰᠡᠨ ᠴᠠᠭ᠄
2024/5/20
                              ᠴᠢᠮᠡᠭᠡᠯᠡᠭᠴᠢ ᠲᠤ᠋᠂ ᠭᠠᠩ      ᠨᠠᠰᠤᠲᠠᠶᠢᠴᠤᠳ ᠤᠨ ᠪᠡᠶ᠎ᠡ ᠮᠠᠬᠠᠪᠤᠳ ᠢ ᠴᠢᠬᠢᠷᠠᠭᠵᠢᠭᠤᠯᠤᠨ᠂ ᠳᠠᠮᠢᠷ ᠤᠷᠠᠯᠢᠭ ᠤᠨ ᠠᠵᠢᠯᠯᠠᠭ᠎ᠠ ᠳᠤ ᠢᠳᠡᠪᠬᠢᠯᠡᠨ ᠤᠷᠤᠯᠴᠠᠬᠤ ᠶᠢ ᠳᠠᠶᠢᠴᠢᠯᠠᠬᠤ ᠶᠢᠨ ᠲᠤᠰᠠᠳᠠ ᠰᠠᠩ ᠤᠨ ᠳᠠᠯᠠᠢ ᠪᠠᠯᠭᠠᠰᠤᠨ ᠤ  ᠨᠠᠰᠤᠲᠠᠶᠢᠴᠤᠳ ᠤᠨ ᠲᠠᠮᠢᠷ ᠤᠷᠠᠯᠢᠭ ᠤᠨ ᠨᠡᠶᠢᠭᠡᠮᠯᠢᠭ ᠤᠶᠢᠷ᠎ᠠ ᠶᠢᠨ ᠡᠳᠦᠷ ᠪᠦᠬᠦ ᠬᠤᠰᠢᠭᠤᠨ ᠤ ᠨᠠᠰᠤᠲᠠᠶᠢᠴᠤᠳ ᠤᠨ ᠴᠢᠴᠢᠬᠦᠷ ᠪᠦᠮᠪᠦᠭᠡ ᠶᠢᠨ ᠤᠷᠤᠯᠳᠤᠭᠠᠨ ᠢ ᠡᠷᠬᠢᠯᠡᠨ ᠶᠠᠪᠤᠭᠳᠠᠭᠤᠯᠤᠯ᠎ᠠ᠃     ᠬᠡᠳᠦᠨ ᠳᠠᠯᠠᠪᠠᠢ ᠰᠤᠷᠢᠯᠳᠠ ᠰᠢᠯᠭᠠᠷᠠᠭᠤᠯᠤᠯᠳᠠ ᠶᠢ ᠦᠩᠭᠡᠷᠡᠭᠡᠭᠡᠳ ᠪᠦᠬᠦ ᠤᠷᠤᠯᠴᠠᠭᠰᠠᠳ ᠠᠴᠠ ᠠᠷᠪᠠᠨ ᠨᠡᠷ᠎ᠡ ᠲᠠᠮᠢᠷᠴᠢᠨ ᠰᠢᠢᠳᠪᠦᠷᠢᠳᠦ ᠤᠷᠤᠯᠳᠤᠭᠠᠨ ᠳᠤ ᠤᠷᠤᠯᠴᠠᠵᠤ᠂ ᠬᠤᠷᠴᠠ ᠰᠢᠷᠦᠭᠦᠨ ᠦᠷᠢᠰᠦᠯᠳᠦᠭᠡᠨ ᠢᠶᠠᠷ ᠳᠠᠮᠵᠢᠭᠠᠳ ᠬᠤᠰᠢᠭᠤ ᠳᠤᠭᠤᠷᠢᠭ ᠤᠨ ᠶᠠᠩ ᠰᠢᠶᠠᠩ ᠯᠤᠤ ᠮᠠᠩᠯᠠᠶᠢᠯᠠᠵᠤ᠂ ᠰᠠᠩ ᠤᠨ ᠳᠠᠯᠠᠢ ᠪᠠᠯᠭᠠᠰᠤᠨ ᠤ ᠳᠡᠮᠴᠢ ᠳᠡᠳ᠋ᠯᠡᠨ᠂ ᠬᠤᠰᠢᠭᠤ ᠳᠤᠭᠤᠷᠢᠭ ᠤᠨ ᠠᠬᠠᠮᠠᠳ ᠺᠠᠳ᠋ᠷ ᠽᠧᠩ ᠹᠦ᠋᠂ ᠴᠤᠭᠳᠤ ᠭᠤᠷᠪᠠ ᠲᠦᠷᠪᠡᠳᠦᠭᠡᠷ ᠲᠤ ᠳᠤᠳᠤᠷᠠᠵᠠᠢ᠃     ᠰᠠᠩ ᠤᠨ ᠳᠠᠯᠠᠢ ᠪᠠᠯᠭᠠᠰᠤᠨ ᠤ ᠨᠠᠰᠤᠲᠠᠶᠢᠴᠤᠳ ᠤᠨ ᠲᠠᠮᠢᠷ ᠤᠷᠠᠯᠢᠭ ᠤᠨ ᠨᠡᠶᠢᠭᠡᠮᠯᠢᠭ ᠠᠴᠠ ᠲᠠᠮᠢᠷᠴᠢᠳ ᠎ ᠢᠶᠠᠨ ᠦᠨᠡᠮᠯᠡᠯ᠂ ᠠᠷᠠᠳ ᠤᠨ ᠵᠤᠭᠤᠰ ᠢᠶᠠᠷ ᠱᠠᠩᠨᠠᠨ ᠤᠷᠮᠠᠰᠢᠭᠤᠯᠵᠤ᠂ ᠬᠤᠶᠢᠰᠢᠳᠠ ᠨᠠᠰᠤᠲᠠᠶᠢᠴᠤᠳ ᠪᠡᠶ᠎ᠡ ᠶᠢᠨ ᠡᠷᠡᠭᠦᠯ ᠮᠡᠨᠳᠦ ᠪᠠᠨ ᠢᠮᠠᠬᠳᠠ ᠠᠩᠬᠠᠷᠴᠤ᠂ ᠬᠠᠮᠳᠤᠪᠠᠷ ᠲᠠᠮᠢᠷ ᠤᠷᠠᠯᠢᠭ ᠤᠨ  ᠠᠵᠢᠯᠯᠠᠭ᠎ᠠ ᠳᠤ ᠤᠷᠤᠯᠴᠠᠬᠤ ᠶᠢ ᠤᠷᠢᠶᠠᠯᠠᠭᠰᠠᠨ ᠪᠠᠶᠢᠨ᠎ᠠ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠣᠴᠢᠯᠠᠭᠣᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号