ᠰᠢᠯᠤᠭᠤᠨ ᠬᠥᠬᠡ ᠬᠤᠰᠢᠭᠤᠨ ᠤ ᠨᠠᠮ ᠤᠨ ᠬᠤᠷᠢᠶᠠᠨ ᠤ ᠬᠢᠨᠠᠯᠲᠠ ᠳᠠᠯᠪᠢᠵᠦ ᠬᠠᠷᠢᠯᠴᠠᠨ ᠨᠡᠪᠳᠡᠷᠡᠯᠴᠡᠵᠦ ᠵᠣᠬᠢᠴᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠶᠠᠳᠤᠭᠠᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/5/20
    5 ᠰᠠᠷ᠎ᠠ ᠶᠢᠨ 16 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠯᠢ ᠪᠥᠸᠧ ᠹᠧᠩ ᠰᠢᠯᠤᠭᠤᠨ ᠬᠥᠬᠡ ᠬᠤᠰᠢᠭᠤᠨ ᠤ ᠨᠠᠮ ᠤᠨ ᠬᠤᠷᠢᠶᠠᠨ ᠤ ᠬᠢᠨᠠᠯᠳᠠ ᠳᠠᠯᠪᠢᠵᠦ ᠬᠠᠷᠢᠯᠴᠠᠨ ᠨᠡᠪᠳᠡᠷᠡᠯᠴᠡᠵᠦ ᠵᠣᠬᠢᠴᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠶᠠᠳᠤᠭᠠᠷ ᠤᠳᠠᠭᠠᠨ ᠤ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠯᠢ ᠳ᠋ᠦᠩ᠂ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠡᠳ᠋ ᠤᠨ ᠵᠠᠰᠠᠭ ᠤᠨ ᠲᠣᠪᠴᠢᠶᠠᠨ ᠤ ᠳᠠᠷᠤᠭ᠎ᠠ ᠳ᠋ᠢᠩ ᠬᠤᠩ ᠬᠤᠷᠠᠯ ᠳᠤ ᠤᠷᠤᠯᠴᠠᠵᠠᠢ ᠃     ᠬᠤᠷᠠᠯ ᠠᠴᠠ ᠠᠶᠢᠮᠠᠭ ᠤᠨ ᠨᠠᠮ ᠤᠨ ᠬᠤᠷᠢᠶᠠᠨ ᠤ ᠬᠢᠨᠠᠯᠲᠠ ᠳᠠᠯᠪᠢᠵᠦ ᠬᠠᠷᠢᠯᠴᠠᠨ ᠨᠡᠪᠳᠡᠷᠡᠯᠴᠡᠵᠦ ᠵᠣᠬᠢᠴᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠶᠠᠳᠤᠭᠠᠷ ᠤᠳᠠᠭᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠰᠢᠭᠤ ᠨᠠᠮ ᠤᠨ ᠬᠤᠷᠢᠶᠠᠨ ᠤ ᠬᠢᠨᠠᠯᠲᠠ ᠳᠠᠯᠪᠢᠵᠦ ᠬᠠᠷᠢᠯᠴᠠᠨ ᠨᠡᠪᠳᠡᠷᠡᠯᠴᠡᠵᠦ ᠵᠣᠬᠢᠴᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠤᠨᠤᠰᠤᠨ᠂ ᠬᠠᠮᠢᠶ᠎ᠠ ᠲᠠᠢ ᠪᠢᠴᠢᠭ ᠮᠠᠲ᠋ᠧᠷᠢᠶᠠᠯ ᠢ ᠬᠢᠨᠠᠨ ᠵᠦᠪᠯᠡᠭᠰᠡᠨ ᠪᠠᠶᠢᠨ᠎ᠠ᠃    ᠬᠤᠷᠠᠯ ᠠᠴᠠ᠂ ᠡᠯ᠎ᠡ ᠰᠠᠯᠠᠭ᠎ᠠ ᠮᠥᠴᠢᠷ ᠤᠨ ᠬᠢᠨ ᠬᠠᠷᠠᠯᠲᠠ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ᠬᠢᠨᠠᠯᠲᠠ ᠳᠠᠯᠪᠢᠵᠦ ᠬᠠᠷᠢᠯᠴᠠᠨ ᠨᠡᠪᠳᠡᠷᠡᠯᠴᠡᠵᠦ ᠵᠣᠬᠢᠴᠠᠭᠤᠯᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠰᠲ᠋ᠧᠮ ᠢ ᠪᠦᠷᠢᠨᠰᠢᠬᠦᠯᠬᠦ ᠳᠤᠮᠳᠠ ᠪᠠᠶᠢᠷᠢ ᠲᠣᠭᠲᠠᠭᠠᠯᠲᠠ ᠪᠠᠨ ᠣᠨᠣᠪᠴᠢᠲᠠᠢ ᠣᠯᠵᠤ᠂ ᠦᠢᠯᠡᠳᠦᠯ ᠢᠶᠠᠨ ᠪᠠᠳᠠᠷᠠᠭᠤᠯᠤᠨ᠂ ᠠᠭᠤᠯᠭ᠎ᠠ ᠶᠢ ᠪᠦᠬᠦᠨ ᠢ ᠬᠠᠮᠤᠷᠬᠤ᠂ ᠬᠠᠷᠢᠭᠤᠴᠠᠯᠭ᠎ᠠ ᠶᠢ ᠬᠦᠢᠴᠡᠳᠭᠡᠭᠦ᠂ ᠲᠦᠷᠢᠮ ᠢ ᠨᠡᠪᠲᠡᠷᠡᠭᠦᠯᠬᠦ ᠶᠢ ᠪᠠᠷᠢᠮᠲᠠᠯᠠᠬᠤ ᠬᠡᠷᠡᠭᠲᠡᠢ᠃ ᠰᠢᠰᠲ᠋ᠧᠮ ᠤᠨ ᠦᠢᠯᠡᠳᠦᠯ ᠪᠠ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ ᠢ ᠪᠠᠳᠠᠷᠠᠭᠤᠯᠵᠤ᠂ ᠡᠯ᠎ᠡ ᠲᠦᠷᠦᠯ ᠤᠨ ᠬᠢᠨᠠᠯᠲᠠ ᠶᠢ ᠣᠷᠭᠠᠨᠢᠭ ᠢᠶᠠᠷ ᠨᠡᠪᠳᠡᠷᠡᠯᠴᠡᠭᠦᠯᠦᠨ᠂ ᠬᠠᠮᠳᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ᠃ ᠤᠳᠤᠷᠢᠳᠬᠤ ᠳᠤᠭᠤᠶᠢᠯᠠᠩ ᠤᠷᠢᠳᠴᠢᠯᠠᠨ ᠠᠷᠭ᠎ᠠ ᠰᠦᠪᠡᠭᠴᠢᠯᠡᠵᠦ᠂ ᠨᠢᠭᠡᠳᠦᠯᠲᠡᠢ ᠲᠥᠯᠥᠪᠵᠢᠭᠦᠯᠬᠦ ᠪᠠᠨ ᠴᠢᠩᠭᠠᠳᠬᠠᠨ᠂ ᠡᠯ᠎ᠡ ᠲᠠᠯ᠎ᠠ ᠶᠢᠨ ᠬᠢᠨᠠᠯᠲᠠ ᠲᠠᠯᠪᠢᠬᠤ ᠬᠦᠴᠦᠨ ᠢ ᠪᠦᠲᠦᠮᠵᠢᠲᠡᠢ ᠨᠢᠭᠡᠳᠦᠯᠲᠡᠢ ᠲᠥᠯᠥᠪᠵᠢᠭᠦᠯᠬᠦ ᠬᠡᠷᠡᠭᠲᠡᠢ᠃ ᠡᠯ᠎ᠡ ᠬᠡᠰᠢᠬᠦᠨ ᠨᠢᠭᠡᠴᠡ ᠶᠢᠨ ᠬᠢᠨ ᠪᠦᠬᠦ ᠲᠠᠯ᠎ᠠ ᠶᠢᠨ ᠦᠵᠡᠯ ᠰᠠᠨᠠᠭ᠎ᠠ ᠶᠢ ᠪᠤᠢ ᠪᠣᠯᠭᠠᠵᠤ᠂ ᠤᠬᠠᠮᠰᠠᠷ ᠠᠴᠠ ᠪᠠᠨ ᠶᠡᠭᠡ ᠲᠠᠯ᠎ᠠ ᠶᠢ ᠲᠠᠭᠠᠬᠤ ᠪᠠ ᠶᠡᠭᠡ ᠲᠠᠯ᠎ᠠ ᠳᠤ ᠦᠢᠯᠡᠴᠢᠯᠡᠵᠦ᠂ ᠪᠦᠲᠦᠮᠵᠢᠲᠡᠢ ᠬᠠᠮᠵᠢᠯᠴᠠᠨ᠂ ᠮᠡᠳᠡᠭᠡ ᠵᠠᠩᠭᠢ ᠶᠢ ᠴᠠᠭ ᠲᠤᠬᠠᠢ ᠳᠤᠨᠢ ᠬᠠᠮᠲᠤ ᠪᠠᠷ ᠡᠳ᠋ᠯᠡᠵᠦ᠂ ᠡᠷᠬᠡ ᠬᠠᠷᠢᠭᠤᠴᠠᠯᠭ᠎ᠠ ᠶᠢ ᠬᠠᠮᠳᠤᠷᠠᠭᠤᠯᠤᠭᠰᠠᠨ᠂ ᠥᠨᠳᠥᠷ ᠪᠦᠲᠦᠮᠵᠢᠲᠡᠢ ᠬᠢᠨᠠᠯᠲᠠ ᠶᠢᠨ ᠰᠢᠰᠲ᠋ᠧᠮ ᠢ ᠪᠠᠶᠢᠭᠤᠯᠵᠤ᠂ ᠬᠢᠨᠠᠯᠲᠠ ᠲᠠᠯᠪᠢᠬᠤ ᠦᠷ᠎ᠡ ᠪᠦᠲᠦᠮᠵᠢ ᠶᠢ ᠴᠢᠨᠠᠷ ᠰᠠᠶᠢᠲᠠᠢ ᠬᠥᠭᠵᠢᠯᠲᠡ  ᠶᠢᠨ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠶᠢ ᠠᠬᠢᠭᠤᠯᠵᠤ᠂ ᠡᠯ᠎ᠡ ᠵᠦᠢᠯ ᠤᠨ ᠠᠵᠢᠯ  ᠤᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃     ᠰᠢᠯᠤᠭᠤᠨ ᠬᠥᠬᠡ ᠬᠤᠰᠢᠭᠤᠨ ᠤ ᠨᠠᠮ ᠤᠨ ᠬᠤᠷᠢᠶᠠᠨ ᠤ ᠬᠢᠨᠠᠯᠲᠠ ᠲᠠᠯᠪᠢᠯᠲᠠ ᠶᠢ ᠵᠣᠬᠢᠴᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠤᠷᠤᠯᠴᠠᠵᠠᠢ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠣᠴᠢᠯᠠᠭᠣᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号