ᠰᠢᠯᠤᠭᠤᠨ ᠬᠥᠬᠡ ᠬᠤᠰᠢᠭᠤ 2024 ᠣᠨ ᠤ ︽ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠬᠤᠨᠳᠠᠭᠠᠲᠤ︾ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠤᠯᠠᠮᠵᠢᠯᠠᠯᠲᠤ ᠰᠤᠷ ᠬᠠᠷᠪᠤᠯᠳᠠ ᠶᠢᠨ ᠤᠷᠤᠯᠳᠤᠭᠠᠨ ᠡᠷᠬᠢᠯᠡᠪᠡ
ᠨᠡᠶᠢᠲᠡᠯᠡᠭᠰᠡᠨ ᠴᠠᠭ᠄
2024/5/21
     ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠵᠤ᠂ ᠠᠷᠪᠠᠨ ᠳᠥᠷᠪᠡᠳᠡᠬᠢ ︽ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ︾᠎ ᠢ ᠤᠭᠳᠤᠨ᠂ ᠪᠡᠶ᠎ᠡ ᠶᠢᠨ ᠲᠠᠮᠢᠷ ᠵᠢᠭᠤᠯᠴᠢᠯᠠᠯ ᠎ ᠤᠨ ᠠᠭᠤᠰᠤᠯᠴᠠᠨ ᠬᠥᠭᠵᠢᠬᠦ ᠶᠢ ᠤᠯᠠᠮ ᠨᠢᠭᠡ ᠠᠯᠬᠤᠮ ᠠᠬᠢᠭᠤᠯᠵᠤ᠂ ᠦᠨᠳᠦᠰᠦᠲᠡᠨ ᠤ ᠤᠯᠠᠮᠵᠢᠯᠠᠯᠲᠤ ᠰᠣᠶᠣᠯ ᠎ ᠢ ᠪᠠᠳᠠᠷᠠᠭᠤᠯᠬᠤ ᠶᠢᠨ ᠲᠥᠯᠥᠭᠡ ᠰᠢᠯᠤᠭᠤᠨ ᠬᠦᠭᠡ ᠬᠤᠰᠢᠭᠤᠨ ᠤ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠎ ᠤᠨ ᠦᠶᠯᠡᠰ ᠤᠨ ᠬᠥᠭᠵᠢᠯᠲᠡ ᠶᠢᠨ ᠲᠥᠪ ᠪᠠ ᠰᠤᠷ ᠬᠠᠷᠪᠤᠯᠳᠠ ᠶᠢᠨ ᠨᠡᠶᠢᠭᠡᠮᠯᠢᠭ ᠠᠴᠠ ᠭᠤᠤᠯᠯᠠᠨ ᠡᠷᠭᠢᠯᠡᠭᠰᠡᠨ ᠰᠢᠯᠤᠭᠤᠨ ᠬᠥᠬᠡ ᠬᠤᠰᠢᠭᠤᠨ ᠤ 2024 ᠣᠨ ᠤ ︽ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠬᠤᠨᠳᠠᠭᠠᠲᠤ︾ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠰᠤᠷ ᠬᠠᠷᠪᠤᠯᠳᠠ ᠶᠢᠨ ᠤᠷᠤᠯᠳᠤᠭᠠᠨ 5 ᠰᠠᠷ᠎ᠠ ᠶᠢᠨ 18᠎ ᠤ ᠡᠳᠦᠷ ᠱᠠᠩᠳᠤ ᠪᠠᠯᠭᠠᠰᠤᠨ ᠳᠤ ᠡᠬᠢᠯᠡᠯ᠎ᠡ᠃     ᠪᠡᠭᠡᠵᠢᠩ᠂ ᠾᠧᠪᠧᠢ᠂ ᠳ᠋ᠠᠯᠢᠶᠠᠨ ᠵᠡᠷᠭᠡ ᠬᠤᠲᠠ ᠪᠣᠯᠤᠨ ᠣᠷᠳᠣᠰ ᠬᠤᠲᠠ᠂ ᠠᠯᠠᠱᠠ ᠠᠶᠢᠮᠠᠭ᠂ ᠰᠢᠯᠢ ᠶᠢᠨ ᠭᠤᠣᠯ ᠠᠶᠢᠮᠠᠭ ᠵᠡᠷᠭᠡ ᠪᠦᠬᠦ ᠣᠷᠣᠨ ᠤ 8 ᠠᠶᠢᠮᠠᠭ ᠬᠤᠲᠠ ᠶᠢᠨ 16 ᠬᠤᠰᠢᠭᠤ ᠰᠢᠶᠠᠨ ᠤ 120 ᠬᠠᠷᠪᠤᠭᠠᠴᠢᠨ ᠤᠷᠤᠯᠴᠠᠵᠤ᠂ ᠤᠷᠤᠯᠳᠤᠭᠠᠨ ᠢ ᠬᠤᠪᠢ ᠬᠥᠮᠦᠨ ᠤ ᠤᠷᠤᠯᠳᠤᠭᠠᠨ᠂ ᠬᠠᠮᠲᠤ ᠶᠢᠨ ᠤᠷᠤᠯᠳᠤᠭᠠᠨ᠂ ᠨᠦᠬᠦᠷᠰᠡᠭ ᠤᠷᠤᠯᠳᠤᠭᠠᠨ᠂ ᠰᠢᠭᠰᠢᠬᠡ ᠤᠷᠤᠯᠳᠤᠭᠠᠨ ᠵᠡᠷᠭᠡ ᠬᠡᠯᠪᠡᠷᠢ ᠪᠠᠷ 2 ᠡᠳᠦᠷ ᠤᠨ ᠲᠤᠷᠰᠢ ᠶᠠᠪᠤᠭᠳᠠᠭᠤᠯᠬᠤ ᠪᠤᠯᠤᠨ᠎ᠠ᠃     ᠲᠤᠰ ᠤᠳᠠᠭᠠᠨ ᠤ ᠤᠷᠤᠯᠳᠤᠭᠠᠨ ᠨᠢ ᠦᠨᠳᠦᠰᠦᠲᠡᠨ ᠤ ᠪᠡᠶ᠎ᠡ ᠶᠢᠨ ᠲᠠᠮᠢᠷ ᠤᠨ ᠰᠣᠶᠣᠯ ᠢ ᠤᠯᠠᠮ ᠨᠢᠭᠡ ᠠᠯᠬᠤᠮ ᠪᠠᠳᠠᠷᠠᠭᠤᠯᠵᠤ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠤᠬᠠᠮᠰᠠᠷ ᠢ ᠴᠢᠩᠭᠠᠳᠬᠠᠨ᠂ ᠦᠨᠳᠦᠰᠦᠲᠡᠨ ᠎ ᠤ ᠨᠢᠭᠲᠠᠷᠠᠯ ᠤᠨ ᠬᠦᠴᠦᠨ ᠢ ᠨᠡᠮᠡᠭᠳᠡᠭᠦᠯᠵᠦ᠂ ᠤᠯᠠᠮᠵᠢᠯᠠᠯᠲᠤ ᠰᠤᠷ ᠬᠠᠷᠪᠤᠯᠳᠠ ᠶᠢᠨ ᠤᠯᠠᠮ ᠨᠢᠭᠡ ᠠᠯᠬᠤᠮ ᠲᠦᠭᠡᠮᠡᠯᠵᠢᠨ ᠤᠯᠠᠮᠵᠢᠯᠠᠭᠳᠠᠬᠤ ᠪᠠ ᠬᠥᠭᠵᠢᠬᠦ ᠶᠢ ᠠᠬᠢᠭᠤᠯᠤᠨ᠂ ᠥᠷᠭᠡᠨ ᠣᠯᠠᠨ ᠬᠠᠷᠪᠤᠭᠠᠴᠢᠳ ᠲᠤ ᠥᠪᠡᠷ ᠢ ᠎ ᠪᠠᠨ ᠢᠯᠡᠷᠡᠭᠦᠯᠬᠦ ᠲᠠᠪᠴᠠᠩ ᠬᠠᠩᠭᠠᠵᠤ᠂ ᠤᠯᠠᠮᠵᠢᠯᠠᠯᠲᠤ ᠪᠡᠶ᠎ᠡ ᠶᠢᠨ ᠲᠠᠮᠢᠷ ᠤᠨ ᠰᠣᠶᠣᠯ ᠤᠨ ᠨᠥᠯᠥᠭᠡᠯᠡᠬᠦ ᠬᠦᠴᠦᠨ ᠎ ᠢ ᠥᠷᠭᠡᠳᠬᠡᠨ᠂ ᠣᠯᠠᠨ ᠲᠦᠮᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠭᠰᠠᠨ ᠪᠠᠶᠢᠨ᠎ᠠ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号