ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ ---  ᠰᠢᠯᠤᠭᠤᠨ ᠬᠥᠬᠡ ᠬᠤᠰᠢᠭᠤᠨ ᠤ ᠰᠣᠶᠣᠯ ᠵᠢᠭᠤᠯᠴᠢᠯᠠᠯ  ᠤᠨ ᠠᠵᠢᠯᠯᠠᠭ᠎ᠠ ᠬᠥᠭᠵᠢᠶᠡᠨᠲᠡᠢ ᠶᠠᠪᠤᠭᠳᠠᠵᠤ ᠪᠠᠶᠢᠨ᠎ᠠ
ᠨᠡᠶᠢᠲᠡᠯᠡᠭᠰᠡᠨ ᠴᠠᠭ᠄
2024/5/21
      5 ᠳ᠋ᠤᠭᠠᠷ ᠰᠠᠷ᠎ᠠ ᠪᠣᠯ ᠵᠢᠭᠤᠯᠴᠢᠯᠠᠯ ᠤᠨ ᠤᠯᠠᠷᠢᠯ ᠪᠣᠯᠤᠨ᠎ᠠ᠂ 2024 ᠣᠨ ᠤ ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ ᠤᠨ︽ᠳᠤᠮᠳᠠᠳᠤ ᠤᠯᠤᠰ ᠤᠨ ᠵᠣᠯ ᠵᠢᠷᠭᠠᠯᠲᠤ ᠠᠮᠢᠳᠤᠷᠠᠯ︾ ᠤᠨ ᠭᠤᠤᠯ ᠰᠡᠳᠦᠪ ᠤᠨ ᠲᠣᠭᠤᠷᠢᠨ ᠳᠤ᠂ ᠰᠢᠯᠤᠭᠤᠨ ᠬᠥᠬᠡ ᠬᠤᠰᠢᠭᠤ ᠭᠤᠤᠯ ᠰᠡᠳᠦᠪᠲᠦ ᠰᠠᠷ᠎ᠠ ᠶᠢᠨ ᠠᠵᠢᠯᠯᠠᠭ᠎ᠠ ᠶᠢᠨ ᠬᠤᠭᠤᠴᠠᠭᠠᠨ ᠳᠤ ᠡᠯ᠎ᠡ ᠵᠦᠶᠯ ᠤᠨ ᠭᠤᠶᠢᠳᠠ ᠰᠠᠶᠢᠬᠠᠨ ᠠᠵᠢᠯᠯᠠᠭ᠎ᠠ ᠵᠢᠴᠢ ᠠᠷᠠᠳ ᠲᠤ ᠠᠰᠢᠭ ᠬᠦᠷᠲᠡᠭᠡᠬᠦ ᠠᠯᠢ ᠣᠯᠠᠨ ᠠᠵᠢᠯᠯᠠᠭ᠎ᠠ ᠡᠷᠬᠢᠯᠡᠵᠦ ᠪᠠᠶᠢᠨ᠎ᠠ᠃   ᠰᠢᠯᠤᠭᠤᠨ ᠬᠥᠬᠡ ᠬᠤᠰᠢᠭᠤᠨ ᠤ  ᠴᠠᠭᠠᠨ ᠢᠳᠡᠬᠡᠨ ᠤ ᠵᠣᠭᠤᠭ ᠤᠨ ᠦᠷᠦᠬᠡᠨ ᠳᠤ᠂   ᠣᠯᠠᠨ ᠵᠦᠢᠯ ᠤᠨ ᠠᠮᠲᠠᠲᠤ ᠢᠳᠡᠭᠡᠨ᠂  ᠴᠠᠭᠠᠨ ᠢᠳᠡᠭᠡ᠂ ᠠᠯᠳᠠᠩᠬᠤᠸ᠎ᠠ ᠴᠡᠴᠡᠭ᠂ ᠢᠰᠡᠭᠡᠶ ᠣᠷᠠᠯᠠᠯ ᠵᠡᠷᠭᠡ ᠡᠯ᠎ᠡ ᠵᠦᠢᠯ ᠤᠨ ᠭᠠᠷ ᠤᠷᠠᠯᠠᠯ  ᠨᠢ ᠦᠷᠬᠡᠨ ᠣᠯᠠᠨ ᠵᠢᠭᠤᠯᠴᠢᠯᠠᠭᠴᠢᠳ ᠤᠨ ᠠᠩᠬᠠᠷᠤᠯ ᠢ ᠲᠠᠲᠠᠵᠤ᠂ ᠲᠡᠳᠡᠨ ᠤ ᠢᠳᠡᠭᠡᠨ ᠤᠮᠳᠠᠭᠠᠨ ᠤ ᠬᠡᠷᠡᠭᠴᠡᠭᠡ ᠶᠢ  ᠬᠠᠩᠭᠠᠭᠰᠠᠨ ᠪᠠᠶᠢᠨ᠎ᠠ᠃   ᠠᠵᠢᠯᠯᠠᠭ᠎ᠠ ᠶᠢᠨ ᠠᠬᠤᠶ ᠲᠠᠯᠠᠪᠠᠶ ᠳᠤ᠂ ᠤᠯᠠᠮᠵᠢᠯᠠᠯᠲᠤ ᠴᠠᠭᠠᠨ ᠢᠳᠡᠭᠡ ᠶᠢ ᠳᠡᠯᠭᠡᠨ  ᠦᠵᠡᠬᠦᠯᠵᠦ᠂ ᠪᠠᠰᠠ ᠵᠢᠭᠤᠯᠴᠢᠳ ᠲᠤ ᠡᠯᠡᠰᠦᠨ ᠵᠢᠷᠤᠭ᠂ ᠦᠨᠳᠦᠰᠦᠨ ᠰᠡᠶᠢᠯᠦᠮᠡᠯ᠂ ᠮᠥᠩᠭᠦᠨ ᠵᠠᠰᠠᠯ᠂ ᠦᠨᠳᠦᠰᠦᠲᠡᠨ ᠤ ᠬᠤᠪᠴᠠᠰᠤ ᠵᠠᠰᠠᠯ᠂ ᠢᠰᠡᠭᠡᠶ ᠤᠷᠠᠯᠠᠯ᠂ ᠤᠯᠠᠮᠵᠢᠯᠠᠯᠲᠤ ᠮᠣᠷᠢᠨ ᠤ ᠬᠡᠷᠡᠭᠰᠡᠯ᠂  ᠠᠯᠳᠠᠩᠬᠤᠸ᠎ᠠ ᠭᠠᠷ ᠤᠷᠠᠯᠠᠯ ᠵᠡᠷᠭᠡ ᠪᠣᠳᠠᠰ ᠤᠨ ᠪᠤᠰᠤ ᠰᠣᠶᠣᠯ ᠤᠨ ᠥᠪ ᠤᠨ ᠪᠦᠲᠦᠭᠡᠭᠳᠡᠬᠦᠨ ᠵᠢᠴᠢ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠦᠶᠯᠡᠳᠬᠦ ᠤᠷ᠎ᠠ ᠮᠡᠷᠭᠡᠵᠢᠯ ᠢ ᠳᠡᠯᠭᠡᠨ ᠦᠵᠡᠭᠦᠯᠵᠡᠶ᠃ ᠵᠤᠭᠠᠴᠠᠭᠰᠠᠳ‌ᠠᠮᠲᠠᠲᠤ ᠢᠳᠡᠭᠡᠨ ᠢ ᠠᠮᠲᠠᠯᠠᠵᠤ᠂ ᠪᠣᠳᠠᠰ ᠤᠨ ᠪᠤᠰᠤ ᠰᠣᠶᠣᠯ ᠤᠨ ᠥᠪ ᠢ ᠦᠶᠯᠡᠳᠬᠦ ᠤᠷ᠎ᠠ ᠮᠡᠷᠭᠡᠵᠢᠯ ᠢ ᠪᠡᠶᠡᠴᠢᠯᠡᠨ ᠣᠶᠢᠯᠠᠭᠠᠵᠤ ᠂ ᠤᠯᠠᠭᠠᠨᠮᠥ᠋ᠴᠢᠷ ᠤᠨ ᠲᠣᠭᠯᠠᠯᠲᠠ  ᠶᠢ ᠰᠣᠨᠢᠷᠬᠠᠵᠤ᠂  ᠠᠬᠤᠢ ᠲᠠᠯᠠᠪᠠᠢ ᠶᠢᠨ ᠠᠭᠤᠷ ᠠᠮᠢᠰᠬᠤᠯ  ᠦᠨᠢᠷ ᠦᠳᠬᠡᠨ ᠪᠠᠶᠢᠯ᠎ᠠ᠃   ᠠᠷᠪᠠᠨ ᠳᠥᠷᠪᠡᠳᠡᠬᠢ ︽ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ︾ ᠢ  ᠲᠣᠬᠢᠶᠠᠯᠳᠠᠭᠤᠯᠣᠨ ᠡᠷᠬᠢᠯᠡᠭᠰᠡᠨ ᠰᠢᠯᠤᠭᠤᠨ ᠬᠥᠬᠡ ᠬᠤᠰᠢᠭᠤᠨ ᠤ 2024 ᠣᠨ ᠤ ︽ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠬᠤᠨᠳᠠᠭᠠᠲᠤ︾ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠤᠯᠠᠮᠵᠢᠯᠠᠯᠲᠤ  ᠰᠣᠷ ᠬᠠᠷᠪᠣᠯᠳᠠ ᠶᠢᠨ ᠤᠷᠤᠯᠳᠤᠭᠠᠨ 5 ᠰᠠᠷ᠎ᠠ ᠶᠢᠨ 18 ᠤ ᠡᠳᠦᠷ ᠱᠠᠩᠳᠤ ᠪᠠᠯᠭᠠᠰᠤᠨ ᠳᠤ  ᠶᠠᠪᠤᠠᠠᠳᠠᠵᠠᠢ᠃    ᠪᠡᠭᠡᠵᠢᠩ᠂ ᠾᠧᠪᠧᠢ᠂ ᠳ᠋ᠠᠯᠢᠶᠠᠨ ᠵᠡᠷᠭᠡ ᠬᠤᠲᠠ ᠪᠣᠯᠤᠨ ᠣᠷᠳᠣᠰ ᠬᠤᠲᠠ᠂ ᠠᠯᠠᠱᠠ ᠠᠶᠢᠮᠠᠭ᠂ ᠰᠢᠯᠢ ᠶᠢᠨ ᠭᠤᠣᠯ ᠠᠶᠢᠮᠠᠭ ᠵᠡᠷᠭᠡ ᠪᠦᠬᠦ ᠣᠷᠣᠨ ᠤ 8 ᠠᠶᠢᠮᠠᠭ ᠬᠤᠲᠠ ᠶᠢᠨ 16 ᠬᠤᠰᠢᠭᠤ ᠰᠢᠶᠠᠨ ᠤ 120 ᠬᠠᠷᠪᠣᠭᠠᠴᠢᠳ  ᠣᠷᠣᠯᠴᠠᠵᠠᠢ᠃   ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ ᠪᠣᠯᠬᠤ ᠤᠯᠤᠰ ᠤᠨ 4 A ᠲᠡᠰ ᠤᠨ ᠵᠤᠭᠠᠴᠠᠯ ᠤᠨ ᠦᠵᠡᠮᠵᠢ ᠶᠢᠨ ᠣᠷᠣᠨ ᠳᠤ᠂ ᠡᠯ᠎ᠡ ᠭᠠᠵᠠᠷ ᠠᠴᠠ ᠢᠷᠡᠭᠰᠡᠨ ᠬᠤᠪᠢ ᠶᠢᠨ ᠮᠠᠰᠢᠨ ᠲᠡᠷᠭᠡ ᠪᠠ ᠵᠤᠭᠠᠴᠠᠯ ᠤᠨ ᠲᠤᠮᠤ ᠮᠠᠰᠢᠨ ᠲᠡᠷᠭᠡ ᠲᠡᠷᠭᠡᠨ ᠵᠣᠭᠰᠣᠭᠠᠯ ᠳᠤ ᠲᠡᠷᠢ ᠲᠡᠭᠰᠢ ᠵᠢᠭᠰᠠᠵᠤ ᠪᠠᠶᠢᠯ᠎ᠠ᠃ ᠦᠵᠡᠮᠵᠢ ᠶᠢᠨ ᠣᠷᠣᠨ ᠤ ᠡᠭᠦᠳᠡᠨ ᠳᠤ᠂ ᠵᠤᠭᠠᠴᠠᠭᠰᠠᠳ ᠦᠵᠡᠮᠵᠢ ᠶᠢᠨ ᠣᠷᠣᠨ ᠤ ᠠᠵᠢᠯᠲᠠᠳ ᠤᠨ ᠳᠠᠭᠠᠭᠤᠯᠭ᠎ᠠ ᠳᠣᠤᠷ᠎ᠠ᠂ ᠵᠢᠭᠤᠯᠴᠢᠳ ᠪᠢᠯᠧᠲ ᠠᠪᠬᠤ ᠥᠬᠡᠶ ᠪᠠᠷ ᠦᠵᠡᠮᠵᠢ ᠶᠢᠨ ᠣᠷᠣᠨ ᠳᠤ ᠣᠷᠣᠵᠤ ᠲᠣᠭᠤᠷᠢᠨ ᠦᠵᠡᠵᠠᠢ᠃    ᠵᠣᠭᠠᠴᠬᠠᠴᠢ᠄  ︽ᠠᠳᠡᠬᠢ ᠦᠵᠡᠮᠵᠢ ᠭᠤᠶᠤ᠂ ᠪᠢ ᠬᠠᠷᠢᠭᠰᠠᠨ ᠤ ᠳᠠᠷᠠᠭ᠎ᠠ ᠨᠠᠩ ᠣᠯᠠᠨ ᠬᠥᠮᠦᠨ ᠳᠤ ᠰᠢᠯᠤᠭᠤᠨ ᠬᠥᠬᠡ ᠬᠤᠰᠢᠭᠤ ᠶᠢ   ᠤᠬᠠᠭᠤᠯᠥᠨ᠎ᠠ︾ ᠬᠡᠯ᠎ᠡ᠃     ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ ᠶᠢᠨ ᠬᠠᠷᠢᠭᠤᠴᠠᠯᠭᠠᠲᠠᠨ ᠡᠦ ᠵᠢᠶᠠᠨ ᠮᠢᠩ᠄  ︽ᠥᠨᠥᠳᠦᠷ ᠪᠣᠯ 〈 5 . 19 ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ 〉 ᠪᠣᠯᠤᠨ᠎ᠠ᠂  ᠮᠠᠨ ᠤ ᠦᠵᠡᠮᠵᠢ ᠶᠢᠨ ᠣᠷᠣᠨ ᠨᠡᠶᠢᠲᠡ  ᠵᠠᠭᠤᠭᠠᠳ ᠬᠥᠮᠦᠨ ᠢ ᠭᠥᠯᠢᠶᠡᠨ  ᠠᠪᠴᠠᠢ᠂ ᠡᠨᠡ ᠵᠢᠯ ᠤᠨ ᠵᠣᠨ ᠤ ᠤᠯᠠᠷᠢᠯ ᠳᠤ ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ ᠶᠢᠨ ᠦᠵᠡᠮᠵᠢ ᠶᠢᠨ ᠣᠷᠣᠨ ᠨᠢ ᠦᠶᠯᠡᠴᠢᠯᠡᠭᠡᠨ ᠤ ᠶᠠᠰᠤ ᠴᠢᠨᠠᠷ ᠢᠶᠠᠨ ᠴᠢᠷᠮᠠᠶᠢᠨ ᠳᠡᠭᠡᠭᠰᠢᠯᠡᠭᠦᠯᠵᠦ᠂ ᠦᠶᠯᠡᠴᠢᠯᠡᠭᠡᠨ ᠤ ᠱᠤᠭᠤᠮ ᠢᠶᠠᠨ ᠥᠷᠭᠡᠳᠬᠡᠨ᠂ ᠰᠤᠳᠤᠯᠤᠨ ᠰᠤᠷᠤᠯᠴᠠᠬᠤ ᠬᠢᠴᠢᠶᠡᠯ ᠢ ᠡᠭᠦᠳᠴᠦ᠂ ᠪᠥᠬᠦ ᠤᠯᠤᠰ ᠤᠨ ᠡᠯ᠎ᠡ ᠭᠠᠵᠠᠷ ᠤᠨ ᠬᠥᠮᠥᠰ ᠲᠤ  ᠤᠯᠠᠮ ᠰᠠᠶᠢᠨ ᠢᠶᠠᠷ ᠦᠶᠯᠡᠴᠢᠯᠡᠨ᠎ᠡ︾ ᠬᠡᠯ᠎ᠡ᠃    ᠰᠢᠯᠤᠭᠤᠨ ᠬᠥᠬᠡ ᠬᠤᠰᠢᠭᠤ ᠠᠯᠢ ᠣᠯᠠᠨ ᠥᠪᠡᠷᠮᠢᠴᠡ ᠣᠨᠴᠠᠯᠢᠭ ᠲᠠᠢ ᠰᠣᠶᠣᠯ ᠵᠢᠭᠤᠯᠴᠢᠯᠠᠯ ᠤᠨ ᠠᠵᠢᠯᠯᠠᠭ᠎ᠠ ᠥᠷᠨᠢᠭᠦᠯᠵᠦ᠂ 5.19 ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ ᠤᠨ ᠠᠵᠢᠯᠯᠠᠭ᠎ᠠ ᠶᠢᠨ ᠬᠠᠮᠤᠷᠬᠤ ᠬᠡᠪᠴᠢᠶ᠎ᠡ ᠪᠠ ᠨᠥᠯᠥᠭᠡᠯᠡᠬᠦ ᠬᠦᠴᠦᠨ ᠢ ᠥᠷᠭᠡᠳᠬᠡᠬᠦ ᠳᠤ ᠬᠦᠴᠦᠨ ᠨᠡᠮᠡᠷᠢᠯᠡᠵᠦ᠂ ᠠᠷᠠᠳ ᠣᠯᠠᠨ ᠤ ᠵᠣᠯ ᠵᠢᠷᠭᠠᠯᠲᠤ ᠠᠮᠢᠳᠤᠷᠠᠯ ᠤᠨ ᠬᠡᠷᠡᠭᠴᠡᠭᠡ ᠶᠢ  ᠬᠠᠩᠭᠠᠵᠠᠢ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号