ᠳᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠭᠴᠠ ᠶᠢᠨ ᠤᠬᠠᠮᠰᠠᠷ ᠢ ᠪᠠᠳᠤ ᠴᠤᠭᠴᠠᠯᠠᠬᠤ ᠲᠤᠰᠬᠠᠢ ᠰᠡᠳᠦᠪᠳᠤ ᠤᠬᠠᠭᠤᠯᠤᠨ ᠳᠠᠶᠢᠯᠪᠤᠷᠢᠯᠠᠬᠤ ᠠᠵᠢᠯᠯᠠᠭ᠎ᠠ ᠡᠷᠬᠢᠯᠡᠯ᠎ᠡ
ᠨᠡᠶᠢᠲᠡᠯᠡᠭᠰᠡᠨ ᠴᠠᠭ᠄
2024/5/21
                      ᠴᠢᠮᠡᠭᠡᠯᠡᠭᠴᠢ ᠡᠷᠳᠡᠨᠢᠸ᠋ᠴᠢᠷ     5 ᠰᠠᠷ᠎ᠠ ᠶᠢᠨ 16 ᠤ ᠡᠳᠦᠷ ᠰᠢᠯᠤᠭᠤᠨ ᠬᠦᠭᠡ ᠬᠤᠰᠢᠭᠤᠨ ᠤ ᠰᠠᠶᠢᠨᠬᠤᠳᠳᠤᠭ ᠰᠤᠮᠤᠨ ᠤ ᠲᠦᠭᠦᠷᠢᠭ ᠭᠠᠴᠠᠭᠠᠨ ᠤ  ︽ᠬᠤᠶᠠᠷ ᠵᠦᠪᠯᠡᠯ︾ ᠠᠴᠠ ᠭᠠᠴᠠᠭᠠᠨ ᠤ ᠨᠠᠮ ᠤᠨ ᠬᠡᠰᠢᠬᠦᠨ᠂ ᠠᠷᠠᠳ ᠤᠨ ᠲᠦᠯᠦᠭᠡᠯᠡᠭᠴᠢ᠂ ᠤᠯᠠᠨ ᠲᠦᠮᠡᠨ ᠤ ᠦᠷᠭᠡᠳᠭᠡᠭᠰᠡᠨ ᠬᠤᠷᠠᠯ ᠬᠤᠷᠠᠯᠳᠤᠭᠤᠯᠵᠤ᠂ ᠳᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠭᠴᠠ ᠶᠢᠨ ᠤᠬᠠᠮᠰᠠᠷ ᠢ ᠪᠠᠳᠤ ᠴᠤᠭᠴᠠᠯᠠᠬᠤ ᠲᠤᠰᠬᠠᠢ ᠰᠡᠳᠦᠪᠳᠤ ᠤᠬᠠᠭᠤᠯᠤᠨ ᠳᠠᠶᠢᠯᠪᠤᠷᠢᠯᠠᠬᠤ ᠠᠵᠢᠯᠯᠠᠭ᠎ᠠ ᠡᠷᠬᠢᠯᠡᠯ᠎ᠡ᠃     ᠬᠤᠷᠠᠯ ᠢᠶᠠᠷ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠬᠦᠨᠵᠡᠭᠡᠢ ᠤᠬᠠᠭᠤᠯᠤᠨ ᠳᠠᠶᠢᠯᠪᠤᠷᠢᠯᠠᠵᠤ᠂ ᠤᠯᠠᠨ ᠲᠦᠮᠡᠨ ᠤ ᠳᠤᠮᠳᠠᠳᠤ  ᠶᠢᠨ ᠦᠨᠳᠦᠰᠦᠳᠡᠨ ᠤ ᠬᠠᠮᠳᠤ ᠶᠢᠨ ᠴᠤᠭᠴᠠ ᠶᠢᠨ ᠤᠬᠠᠮᠠᠰᠷ ᠢ ᠪᠠᠳᠤ ᠴᠤᠭᠴᠠᠯᠠᠨ᠂ ᠦᠨᠳᠦᠰᠦᠳᠡᠨ ᠤ ᠪᠦᠯᠬᠦᠮᠳᠡᠯ ᠳᠠᠪᠰᠢᠯᠳᠠ ᠶᠢᠨ ᠦᠢᠯᠡᠳᠦᠭᠦᠯᠦᠭᠴᠢ ᠪᠤᠯᠵᠤ᠂ ᠡᠯ᠎ᠡ ᠦᠨᠳᠦᠰᠦᠳᠡᠨ ᠤ ᠤᠯᠠᠨ ᠲᠦᠮᠡᠨ ᠠᠨᠠᠷ ᠤᠨ ᠦᠷ᠎ᠡ ᠮᠡᠳᠦ ᠨᠢᠬᠳᠠᠷᠠᠨ ᠪᠦᠯᠬᠦᠮᠳᠡᠵᠦ  ᠦᠨᠳᠦᠰᠦᠳᠡᠨ ᠤ ᠪᠦᠯᠬᠦᠮᠳᠡᠯ ᠳᠠᠪᠰᠢᠯᠳᠠ ᠶᠢᠨ ᠵᠢᠱᠢᠶ᠎ᠡ ᠦᠵᠡᠬᠦᠯᠬᠦ ᠠᠶᠢᠮᠠᠭ᠂ ᠬᠤᠰᠢᠭᠤ ᠶᠢ ᠡᠭᠦᠳᠦᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠭᠦ ᠶᠢ ᠤᠷᠢᠶᠠᠯᠠᠵᠠᠢ᠃     ᠲᠤᠰ ᠤᠳᠠᠭᠠᠨ ᠤ ᠰᠤᠷᠤᠯᠴᠠᠯᠭ᠎ᠠ ᠬᠦᠮᠦᠵᠢᠯ ᠤᠨ ᠠᠵᠢᠯᠯᠠᠭ᠎ᠠ ᠨᠢ ᠦᠨᠳᠦᠰᠦᠨ ᠱᠠᠳᠤᠨ ᠤ ᠦᠷᠭᠡᠨ ᠤᠯᠠᠨ ᠨᠠᠮ ᠤᠨ ᠬᠡᠰᠢᠬᠦᠨ᠂ ᠮᠠᠯᠴᠢᠨ ᠲᠦᠮᠡᠨ ᠳᠤᠮᠳᠠᠳᠤ ᠶᠢᠨ ᠦᠨᠳᠦᠰᠦᠳᠡᠨ ᠨᠢᠭᠡ ᠬᠡᠷ ᠮᠡᠳᠦ ᠨᠢᠬᠳᠠᠷᠠᠨ ᠪᠦᠯᠬᠦᠮᠳᠡᠵᠦ᠂ ᠡᠪ ᠬᠠᠮᠳᠤ ᠨᠠᠮ ᠤᠨ ᠤᠳᠤᠷᠢᠳᠤᠯᠭ᠎ᠠ ᠪᠠᠷ ᠡᠷᠡᠯᠭᠡᠭᠯᠡᠨ ᠤᠷᠤᠭᠰᠢᠯᠠᠬᠤ ᠡᠷᠴᠢ ᠵᠤᠷᠢᠭ ᠢ ᠬᠦᠪᠴᠢᠯᠡᠭᠰᠡᠨ ᠪᠠᠶᠢᠨ᠎ᠠ᠃
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号