ᠰᠠᠩ ᠤᠨ ᠳᠠᠯᠠᠢ ᠪᠠᠯᠭᠠᠰᠤᠨ ᠤ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ᠶᠢᠨ ᠠᠵᠢᠯᠯᠠᠭ᠎ᠠ ᠵᠢᠴᠢ ᠵᠢᠪᠬᠤᠯᠠᠩᠲᠤ ᠭᠠᠴᠠᠭᠠᠨ ᠤ ᠣᠯᠠᠨ ᠲᠦᠮᠡᠨᠴᠢ ᠰᠣᠶᠣᠯ ᠲᠠᠮᠢᠷ ᠤᠨ ᠠᠵᠢᠯᠯᠠᠭ᠎ᠠ ᠶᠠᠪᠤᠭᠳᠠᠯ᠎ᠠ
ᠨᠡᠶᠢᠲᠡᠯᠡᠭᠰᠡᠨ ᠴᠠᠭ᠄
2024/5/21
       ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾᠂ ︽ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ︾ ᠤᠨ ᠤᠬᠠᠭᠤᠯᠭ᠎ᠠ ᠶᠢᠨ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠪᠥᠬᠦ ᠪᠠᠯᠭᠠᠰᠤᠨ ᠤ ᠡᠯ᠎ᠡ ᠦᠨᠳᠦᠰᠦᠲᠡᠨ ᠤ ᠣᠯᠠᠨ ᠲᠦᠮᠡᠨ ᠤ ᠡᠶ᠎ᠡ ᠨᠠᠶᠢᠷᠲᠠᠶ᠂ ᠪᠦᠯᠬᠦᠮᠳᠡᠨ ᠬᠠᠪᠰᠤᠷᠤᠯᠴᠠᠬᠤ ᠶᠢ ᠠᠬᠢᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠨᠢᠭᠡ ᠠᠯᠬᠤᠮ ᠪᠠᠬᠢᠵᠢᠭᠦᠯᠵᠦ᠂ ᠡᠯ᠎ᠡ ᠦᠨᠳᠦᠰᠦᠲᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠶᠢᠨ ᠲᠥᠯᠥᠭᠡ 5 ᠰᠠᠷ᠎ᠠ ᠶᠢᠨ 18 ᠤ ᠡᠳᠦᠷ ᠰᠠᠩ ᠤᠨ ᠲᠡᠯᠡᠶ ᠪᠠᠯᠭᠠᠰᠤᠨ ᠤ ᠬᠢᠨ ᠵᠢᠪᠬᠤᠯᠠᠩᠲᠤ ᠭᠠᠴᠠᠭᠠᠨ ᠤ ︽3 . 8︾  ︽5 . 4︾ ᠰᠢᠷᠢᠰ ᠠᠵᠢᠯᠯᠠᠭ᠎ᠠ ᠶᠢᠨ ᠲᠠᠯᠠᠪᠠᠶ ᠳᠤ ᠭᠦᠨᠵᠡᠭᠡᠶᠢᠷᠡᠵᠦ ᠤᠬᠠᠭᠤᠯᠭ᠎ᠠ  ᠶᠢᠨ ᠠᠵᠢᠯᠯᠠᠭ᠎ᠠ ᠥᠷᠨᠢᠭᠦᠯᠪᠡ᠃     ᠠᠵᠢᠯᠯᠠᠭ᠎ᠠ ᠨᠢ ︽ᠢᠳᠡᠭᠡᠯ ᠨᠠᠶᠢᠳᠠᠯᠭ᠎ᠠ ᠶᠢ ᠪᠠᠳᠤ ᠴᠡᠭᠡᠵᠢᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ  ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠵᠢᠱᠢᠶ᠎ᠡ ᠦᠵᠡᠭᠦᠯᠬᠦ ᠣᠷᠣᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ︾ ᠪᠠᠷ ᠭᠤᠤᠯ ᠰᠡᠳᠦᠪ ᠪᠣᠯᠭᠠᠵᠤ᠂ ᠮᠣᠷᠢ ᠤᠷᠤᠯᠳᠤᠬᠤ᠂ ᠪᠥᠬᠡ ᠪᠠᠷᠢᠯᠳᠤᠬᠤ᠂ ᠭᠠᠩᠭᠠᠩ ᠤᠨᠠᠭ᠎ᠠ ᠰᠢᠯᠭᠠᠷᠠᠭᠤᠯᠬᠤ᠂ ᠱᠠᠭ᠎ᠠ ᠨᠠᠭᠠᠳᠬᠤ᠂ ᠰᠢᠲᠠᠷ᠎ᠠ ᠲᠤᠭᠯᠠᠬᠤ᠂ ᠪᠠᠭᠠᠴᠤᠳ ᠬᠡᠦᠬᠡᠳ ᠤᠨ 50 ᠮᠧᠲᠷ ᠤᠨ ᠭᠦᠶᠦᠬᠦ ᠤᠷᠤᠯᠳᠤᠭᠠᠨ᠂ ︽ᠦᠨᠳᠦᠰᠦᠲᠡᠨ ᠤ ᠪᠦᠯᠬᠦᠮᠳᠡᠯ︾ ᠭᠠᠷ ᠤᠷᠠᠯᠠᠯ ᠤᠨ ᠪᠦᠲᠦᠭᠡᠭᠳᠡᠬᠦᠨ ᠤ ᠦᠵᠡᠭᠦᠯᠭᠡ ᠵᠡᠷᠭᠡ ᠣᠯᠠᠨ ᠲᠦᠮᠡᠨᠴᠢ ᠰᠣᠶᠣᠯ ᠲᠠᠮᠢᠷ ᠤᠨ ᠠᠵᠢᠯᠯᠠᠭ᠎ᠠ ᠶᠢ ᠦᠷᠨᠢᠬᠦᠯᠵᠦ᠂ ᠮᠠᠯᠴᠢᠨ ᠲᠦᠮᠡᠨ ᠤ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ᠂ ᠡᠶ᠎ᠡ ᠨᠠᠶᠢᠷᠠᠮᠳᠠᠭᠤ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠬᠤ ᠶᠢᠨ ᠬᠠᠮᠲᠤ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ  ᠤᠨ ᠲᠠᠪᠴᠠᠩ ᠬᠠᠩᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠤᠯᠭᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠭᠦᠨᠵᠡᠭᠡᠶ ᠠᠬᠢᠭᠤᠯᠤᠭᠰᠠᠨ ᠪᠠᠶᠢᠨ᠎ᠠ᠃     ᠠᠵᠢᠯᠯᠠᠭ᠎ᠠ ᠳᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠬᠠᠤᠯᠢ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠶᠢ ᠠᠬᠢᠭᠤᠯᠬᠤ ᠲᠦᠷᠢᠮ︾ ᠵᠡᠷᠭᠡ ᠤᠬᠠᠭᠤᠯᠭ᠎ᠠ ᠶᠢᠨ ᠬᠠᠭᠤᠳᠠᠰᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠦᠨᠳᠦᠰᠦᠲᠡᠨ ᠤ ᠲᠥᠷᠥ ᠶᠢᠨ ᠪᠣᠳᠣᠯᠭ᠎ᠠ ᠬᠠᠤᠯᠢ ᠴᠠᠭᠠᠵᠠ ᠬᠠᠤᠯᠢ ᠲᠣᠭᠲᠠᠭᠠᠯ ᠢ ᠲᠠᠶᠢᠯᠪᠤᠷᠢᠯᠠᠵᠤ᠂ ᠥᠷᠭᠡᠨ ᠣᠯᠠᠨ ᠮᠠᠯᠴᠢᠨ ᠲᠦᠮᠡᠨ ᠢ ᠵᠢᠯᠤᠭᠤᠳᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ  ᠢ ᠪᠠᠲᠤ ᠪᠠᠬᠢ ᠴᠤᠭᠴᠠᠯᠠᠵᠤ᠂ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠮᠠᠲ᠋ᠧᠷᠢᠶᠠᠯ ᠢ ᠨᠡᠶᠢᠲᠡ 300 ᠭᠠᠷᠤᠶ ᠬᠤᠪᠢ ᠳᠠᠷᠬᠠᠭᠠᠵᠠᠢ᠃     ᠰᠠᠩ ᠤᠨ ᠲᠡᠯᠡᠶ ᠪᠠᠯᠭᠠᠰᠤ ᠬᠤᠶᠢᠰᠢᠳᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠤᠯ ᠰᠢᠵᠢᠮ ᠤᠨ ᠳᠠᠭᠠᠤ ︽ᠤᠯᠤᠰ ᠤᠨ ᠲᠤᠭ ᠬᠢᠯᠢ ᠬᠢᠵᠠᠭᠠᠷ ᠢ ᠭᠡᠶᠢᠭᠦᠯᠬᠦ︾ ᠰᠦᠭ ᠰᠦᠨᠡᠰᠦ ᠶᠢ ᠴᠣᠭᠴᠠᠯᠠᠬᠤ ᠠᠵᠢᠯ ᠲᠠᠢ ᠤᠶᠠᠯᠳᠤᠭᠤᠯᠤᠨ᠂ ᠪᠠᠶᠠᠯᠢᠭ ᠠᠭᠤᠯᠭ᠎ᠠ ᠲᠠᠢ ᠰᠣᠶᠣᠯ ᠲᠠᠮᠢᠷ ᠤᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠪᠥᠬᠦ ᠪᠠᠯᠭᠠᠰᠤᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠵᠤ︾᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠳᠤ ᠬᠦᠴᠦᠨ ᠴᠢᠳᠠᠯ ᠡᠷᠭᠦᠭᠦ ᠪᠠᠷ ᠪᠤᠢ᠃
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号