ᠱᠠᠩᠳᠤ ᠪᠠᠯᠭᠠᠰᠤ ᠰᠣᠶᠣᠯ ᠲᠠᠮᠢᠷ ᠤᠨ ᠠᠵᠢᠯᠯᠠᠭ᠎ᠠ ᠡᠷᠬᠢᠯᠡᠪᠡ
ᠨᠡᠶᠢᠲᠡᠯᠡᠭᠰᠡᠨ ᠴᠠᠭ᠄
2024/5/21
   ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠦᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠶᠢᠨ ᠲᠥᠯᠥᠭᠡ᠂ 5 ᠰᠠᠷ᠎ᠠ ᠶᠢᠨ 17 ᠤ ᠡᠳᠦᠷ ᠱᠠᠩᠳᠤ ᠪᠠᠯᠭᠠᠰᠤ ︽ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠡᠨᠡᠷᠢᠯ ᠳᠤ ᠲᠠᠯᠠᠷᠬᠠᠨ ᠡᠷᠡᠯᠬᠡᠭᠯᠡᠨ  ᠳᠡᠮᠡᠴᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ  ᠶᠢᠨ ᠤᠬᠠᠮᠰᠠᠷ ᠢ ᠪᠠᠲᠤ ᠴᠣᠭᠴᠠᠯᠠᠬᠤ ᠵᠢᠱᠢᠶ᠎ᠡ ᠦᠵᠡᠭᠦᠯᠬᠦ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ︾ ᠰᠣᠶᠣᠯ ᠲᠠᠮᠢᠷ ᠤᠨ ᠠᠵᠢᠯᠯᠠᠭ᠎ᠠ ᠡᠷᠭᠢᠯᠡᠪᠡ ᠃    ᠠᠵᠢᠯᠯᠠᠭᠠᠨ ᠤ ᠡᠬᠢᠯᠡᠯᠳᠡ ᠪᠠᠷ᠂ ︽ᠤᠯᠤᠰ ᠤᠨ ᠲᠤᠭ ᠬᠢᠯᠢ ᠶᠢᠨ ᠪᠣᠭᠤᠮᠲᠠ ᠶᠢ ᠭᠡᠶᠢᠭᠦᠯᠬᠦ︾ ᠰᠦᠭ ᠰᠦᠨᠡᠰᠦ ᠶᠢ ᠴᠤᠭᠴᠠᠯᠠᠬᠤ ᠢᠨᠵᠧᠨᠧᠷᠢᠩ ᠢ ᠦᠷᠭᠡᠳᠭᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠦᠲᠦᠮᠵᠢᠲᠡᠢ ᠪᠠᠲᠤ ᠴᠤᠭᠴᠠᠯᠠᠬᠤ ᠶᠢᠨ ᠲᠤᠰᠠᠳᠠ ᠪᠠᠯᠭᠠᠰᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠬᠡᠰᠢᠬᠦᠳ ︽ᠤᠯᠤᠰ ᠤᠨ ᠲᠤᠭ ᠲᠠᠢ ᠬᠠᠮᠲᠤ ᠰᠡᠭᠦᠳᠡᠷ ᠳᠠᠳᠠᠬᠤ︾ ᠬᠡᠯᠪᠡᠷᠢ ᠪᠠᠷ ᠨᠠᠮ ᠵᠠᠰᠠᠭ ᠤᠨ ᠺᠠᠳ᠋ᠷ ᠤᠨ ᠤᠯᠤᠰ ᠭᠡᠷ ᠤᠨ ᠤᠬᠠᠮᠰᠠᠷ᠂ ᠤᠯᠤᠰ ᠠᠷᠠᠳ ᠤᠨ ᠤᠬᠠᠮᠰᠠᠷ᠂ ᠤᠯᠤᠰ ᠤᠨ ᠨᠤᠲᠤᠭ ᠳᠡᠪᠢᠰᠬᠡᠷ ᠤᠨ ᠤᠬᠠᠮᠰᠠᠷ ᠪᠣᠯᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠤᠬᠠᠮᠰᠠᠷ ᠢ ᠴᠢᠩᠭᠠᠳᠬᠠᠭᠰᠠᠨ ᠪᠠᠶᠢᠨ᠎ᠠ᠃    ᠠᠵᠢᠯᠯᠠᠭ᠎ᠠ ᠪᠠᠷ᠂ ᠣᠯᠠᠨ ᠲᠦᠮᠡᠨ ᠳᠤ 100 ᠭᠠᠷᠤᠶ ᠬᠤᠪᠢ ᠤᠬᠠᠭᠤᠯᠭ᠎ᠠ ᠶᠢᠨ ᠮᠠᠲ᠋ᠧᠷᠢᠶᠠᠯ᠂ 80 ᠭᠠᠷᠤᠶ ᠬᠤᠪᠢ ᠤᠬᠠᠭᠤᠯᠭ᠎ᠠ ᠶᠢᠨ ᠪᠤᠳᠠᠰ ᠳᠠᠷᠬᠠᠭᠠᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ︾᠂ ︽ᠰᠢᠯᠢ ᠶᠢᠨ ᠭᠤᠤᠯ ᠠᠶᠢᠮᠠᠭ ᠤᠨ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ ᠢ ᠡᠭᠦᠳᠦᠨ ᠪᠠᠶᠢᠭᠤᠯᠬᠤ ᠰᠠᠨᠠᠭᠠᠴᠢᠯᠠᠭ᠎ᠠ ᠶᠢᠨ ᠪᠢᠴᠢᠭ︾᠂   ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠬᠠᠤᠯᠢ︾ ᠵᠡᠷᠭᠡ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠤᠬᠠᠭᠤᠯᠵᠤ᠂ ︽ᠭᠤᠷᠪᠠᠨ ᠰᠠᠯᠵᠤ ᠴᠢᠳᠠᠬᠤ ᠥᠬᠡᠶ︾᠂ ︽ᠲᠠᠪᠤᠨ ᠬᠠᠮᠲᠤ ᠶᠢᠨ ᠲᠠᠨᠢᠯᠲᠠ︾᠂ ︽ᠲᠦᠷᠪᠡ ᠶᠢ ᠬᠠᠮᠳᠤᠳᠬᠠᠬᠤ︾ ᠵᠡᠷᠭᠡ ᠭᠤᠤᠯ ᠠᠭᠤᠯᠭ᠎ᠠ ᠶᠢ ᠭᠦᠨᠵᠡᠭᠡᠶ ᠤᠬᠠᠭᠤᠯᠵᠤ᠂ ᠨᠠᠮ ᠤᠨ ᠦᠨᠳᠦᠰᠦᠲᠡᠨ ᠤ ᠣᠨᠣᠯ᠂ ᠲᠥᠷᠥ ᠶᠢᠨ ᠪᠣᠳᠣᠯᠭ᠎ᠠ᠂ ᠬᠠᠤᠯᠢ ᠲᠣᠭᠲᠠᠭᠠᠯ ᠤᠨ ᠮᠡᠳᠡᠯᠭᠡ ᠶᠢ ᠰᠤᠷᠳᠠᠯᠴᠢᠯᠠᠭᠰᠠᠨ ᠪᠠᠶᠢᠨ᠎ᠠ᠃   ᠲᠠᠮᠢᠷ ᠤᠨ ᠬᠥᠳᠡᠯᠭᠡᠭᠡᠨ ᠳᠤ ᠳᠡᠭᠡᠰᠦ ᠲᠠᠲᠠᠬᠤ᠂ ᠱᠠᠭ᠎ᠠ ᠨᠠᠭᠠᠳᠬᠤ᠂ ᠴᠠᠭᠠᠷᠢᠭ᠂ ᠬᠡᠢ ᠪᠥᠮᠪᠦᠭᠡ ᠬᠠᠪᠴᠢᠬᠤ ᠵᠡᠷᠭᠡ ᠰᠣᠨᠢᠷᠬᠠᠯᠲᠤ ᠲᠤᠭᠯᠠᠭᠠᠮ ᠢ ᠲᠤᠬᠢᠷᠠᠭᠤᠯᠵᠤ᠂ ᠣᠯᠠᠨ ᠢᠶᠠᠷ ᠢᠶᠠᠨ ᠬᠦᠴᠦ ᠬᠠᠮᠳᠤᠳᠬᠠᠨ ᠴᠢᠷᠮᠠᠶᠢᠵᠤ᠂ ᠬᠠᠷᠢᠯᠴᠠᠨ ᠤᠤᠬᠠᠶᠢᠯᠠᠨ ᠵᠤᠷᠢᠭᠵᠢᠭᠤᠯᠬᠤ ᠲᠠᠭᠤᠨ ᠲᠠᠰᠤᠷᠠᠯᠲᠠ ᠥᠬᠡᠶ ᠦᠷᠬᠦᠯᠵᠢᠯᠡᠨ᠂ ᠡᠷᠡᠮᠡᠬᠡᠶᠢᠯᠡᠨ ᠳᠠᠪᠰᠢᠬᠤ ᠣᠶᠤᠨ ᠰᠠᠨᠠᠭᠠᠨ ᠤ ᠳᠦᠷᠰᠦ ᠪᠠᠶᠢᠳᠠᠯ ᠢ ᠭᠦᠶᠴᠡᠳ ᠢᠯᠡᠷᠡᠭᠦᠯᠵᠡᠢ᠃    ᠠᠵᠢᠯᠯᠠᠭ᠎ᠠ ᠨᠢ ᠦᠨᠳᠦᠰᠦᠲᠡᠨ ᠨᠦᠭᠦᠳ ᠤᠨ ᠤᠯᠠᠨ ᠲᠦᠮᠡᠨ ᠤ ᠠᠵᠢᠯ ᠤᠨ ᠴᠢᠯᠥᠭᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠭᠰᠠᠨ ᠢᠶᠠᠷ ᠪᠠᠷᠠᠬᠤ ᠦᠭᠡᠢ ᠦᠨᠳᠦᠰᠦᠲᠡᠨ ᠨᠦᠭᠦᠳ ᠤᠨ ᠤᠯᠠᠨ ᠲᠦᠮᠡᠨ ᠤ ᠨᠢᠭᠲᠠᠷᠠᠯ ᠤᠨ ᠬᠦᠴᠦᠨ ᠢ ᠴᠢᠩᠭᠠᠷᠠᠭᠤᠯᠵᠤ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠳᠡᠭᠡᠭᠰᠢᠯᠡᠭᠦᠯᠵᠦ᠂ ᠱᠠᠩᠳᠤ ᠪᠠᠯᠭᠠᠰᠤᠨ ᠤ ᠨᠡᠶᠢᠭᠡᠮ ᠤᠨ ᠡᠶ᠎ᠡ ᠵᠣᠬᠢᠴᠠᠩᠭᠤᠢ᠂ ᠦᠨᠳᠦᠰᠦᠲᠡᠨ ᠤ ᠪᠦᠯᠬᠦᠮᠳᠡᠯ ᠤᠨ ᠣᠬᠢ ᠰᠠᠶᠢᠨ ᠪᠠᠶᠢᠳᠠᠯ ᠢ ᠬᠠᠷᠠᠭᠤᠯᠵᠠᠢ᠃   ᠲᠠᠷᠠᠭᠠᠴᠢ ᠪᠠᠷ᠂ ᠱᠠᠩᠳᠤ ᠪᠠᠯᠭᠠᠰᠤ ᠦᠷᠭᠦᠯᠵᠢᠯᠡᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ  ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ᠶᠢᠨ ᠠᠵᠢᠯᠯᠠᠭ᠎ᠠ ᠶᠢ ᠠᠰᠢᠭᠯᠠᠨ᠂ ᠦᠨᠳᠦᠰᠦᠲᠡᠨ ᠤ ᠪᠦᠯᠬᠦᠮᠳᠡᠯ ᠤᠨ ᠥᠯᠢᠭᠡᠷ ᠢ ᠰᠠᠶᠢᠲᠤᠷ ᠶᠠᠷᠢᠵᠤ᠂ ᠦᠨᠳᠦᠰᠦᠲᠡᠨ ᠤ ᠪᠦᠯᠬᠦᠮᠳᠡᠯ ᠤᠨ ᠢᠳᠡᠪᠬᠢ ᠬᠦᠴᠦᠨ ᠢ ᠤᠯᠠᠮᠵᠢᠯᠠᠵᠤ᠂ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ᠶᠢᠨ ᠠᠵᠢᠯᠯᠠᠭ᠎ᠠ ᠶᠢ ᠳᠥᠯᠭᠢᠨ ᠠᠬᠢᠭᠤᠯᠵᠤ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠭᠦ ᠪᠠᠷ ᠪᠤᠢ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号