ᠳᠥᠷᠪᠡᠨ ᠰᠠᠯᠠᠭ᠎ᠠ ᠮᠥᠴᠢᠷ ︽ᠢᠨᠲ᠋ᠧᠷ ᠰᠦᠯᠵᠢᠶᠡᠨ ᠤ ᠵᠠᠰᠠᠭ ᠤᠨ ᠶᠠᠪᠤᠳᠠᠯ ᠤᠨ ᠬᠡᠷᠡᠭᠯᠡᠯᠲᠡ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠲᠣᠭᠲᠠᠭᠠᠯ︾  ᠢ ᠲᠣᠭᠲᠠᠭᠠᠪᠠ
ᠨᠡᠶᠢᠲᠡᠯᠡᠭᠰᠡᠨ ᠴᠠᠭ᠄
2024/5/24
    ᠲᠥᠪ ᠤᠨ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠴᠢᠯᠠᠯᠲᠠ ᠶᠢᠨ ᠵᠥᠪᠯᠡᠯ ᠤᠨ ᠠᠯᠪᠠᠨ ᠭᠡᠷ᠂ ᠲᠥᠪ ᠤᠨ ᠪᠠᠶᠢᠭᠤᠯᠤᠮᠵᠢ ᠶᠢᠨ ᠣᠷᠣᠨ ᠲᠣᠭᠠᠨ ᠤ ᠵᠥᠪᠯᠡᠯ ᠤᠨ ᠠᠯᠪᠠᠨ ᠭᠡᠷ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠶᠠᠮᠤᠨ᠂ ᠳᠣᠲᠣᠭᠠᠳᠤ ᠶᠢ ᠬᠠᠮᠠᠭᠠᠯᠠᠬᠤ ᠶᠠᠮᠤᠨ ᠤ ᠲᠣᠭᠲᠠᠭᠠᠭᠰᠠᠨ ︽ᠢᠨᠲ᠋ᠧᠷ ᠰᠦᠯᠵᠢᠶᠡᠨ ᠤ ᠵᠠᠰᠠᠭ ᠤᠨ ᠶᠠᠪᠤᠳᠠᠯ ᠤᠨ ᠬᠡᠷᠡᠭᠯᠡᠯᠲᠡ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠲᠣᠭᠲᠠᠭᠠᠯ︾ ᠢ ᠣᠶᠢᠷ᠎ᠠ ᠳᠤ ᠳᠠᠷᠤᠮᠠᠯᠯᠠᠨ ᠲᠠᠷᠬᠠᠭᠠᠪᠠ᠃ ᠲᠣᠭᠲᠠᠭᠠᠯ ᠳᠤ ᠱᠠᠭᠠᠷᠳᠠᠭᠰᠠᠨ ᠨᠢ᠂ ᠢᠨᠲ᠋ᠧᠷ ᠰᠦᠯᠵᠢᠶᠡᠨ ᠤ ᠵᠠᠰᠠᠭ ᠤᠨ ᠶᠠᠪᠤᠳᠠᠯ ᠤᠨ ᠬᠡᠷᠡᠭᠯᠡᠯᠲᠡ ᠶᠢ ᠪᠠᠶᠢᠭᠤᠯᠵᠤ ᠠᠵᠢᠯᠯᠠᠭᠤᠯᠬᠤ ᠳᠤ ᠬᠤᠯᠪᠣᠭᠳᠠᠯ ᠪᠦᠬᠦᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠵᠢᠴᠢ ᠤᠯᠤᠰ ᠤᠨ ᠪᠠᠷᠢᠮᠵᠢᠶ᠎ᠠ ᠶᠢᠨ ᠠᠯᠪᠠᠳᠠᠯᠭ᠎ᠠ ᠶᠢᠨ ᠴᠢᠨᠠᠷᠲᠠᠢ ᠱᠠᠭᠠᠷᠳᠠᠯᠭ᠎ᠠ ᠶᠣᠰᠣᠭᠠᠷ᠂ ᠮᠡᠷᠭᠡᠵᠢᠯ ᠤᠨ ᠠᠷᠭ᠎ᠠ ᠬᠡᠮᠵᠢᠶ᠎ᠡ ᠪᠠ ᠪᠤᠰᠤᠳ ᠴᠢᠬᠤᠯᠠ ᠪᠦᠬᠦᠢ ᠠᠷᠭ᠎ᠠ ᠬᠡᠮᠵᠢᠶ᠎ᠡ ᠠᠪᠴᠤ᠂ ᠠᠭᠤᠯᠭ᠎ᠠ ᠶᠢ ᠥᠭᠡᠷᠡᠲᠦᠭᠦᠯᠬᠦ᠂ ᠳᠠᠭᠠᠷᠢᠯᠲᠠ ᠬᠢᠵᠦ ᠲᠠᠮᠪᠠᠷᠠᠭᠤᠯᠬᠤ᠂ ᠳ᠋ᠠᠶᠢᠲ᠋ᠠ ᠶᠢ ᠬᠤᠯᠠᠭᠠᠶᠢᠯᠠᠬᠤ ᠵᠡᠷᠭᠡ ᠲᠦᠭᠰᠢᠭᠦᠷᠢ ᠠᠴᠠ ᠰᠡᠷᠭᠡᠶᠢᠯᠡᠵᠦ᠂ ᠢᠨᠲ᠋ᠧᠷ ᠰᠦᠯᠵᠢᠶᠡᠨ ᠤ ᠵᠠᠰᠠᠭ ᠤᠨ ᠶᠠᠪᠤᠳᠠᠯ ᠤᠨ ᠬᠡᠷᠡᠭᠯᠡᠯᠲᠡ ᠶᠢᠨ ᠠᠮᠤᠷ ᠲᠣᠭᠲᠠᠭᠤᠨ ᠢᠶᠠᠷ ᠠᠵᠢᠯᠯᠠᠬᠤ ᠪᠠ ᠳ᠋ᠠᠶᠢᠲ᠋ᠠ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠢ ᠭᠡᠵᠡᠢ᠃    ᠲᠣᠭᠲᠠᠭᠠᠯ ᠨᠢ ᠨᠡᠶᠢᠲᠡ 8 ᠪᠦᠯᠦᠭ ᠲᠠᠢ᠂ ᠡᠭᠦᠨ ᠳᠤ ᠶᠡᠷᠦᠩᠬᠡᠢ ᠳᠦᠷᠢᠮ᠂ ᠨᠡᠭᠡᠭᠡᠨ ᠡᠷᠭᠢᠯᠡᠬᠦ ᠪᠠ ᠪᠠᠶᠢᠭᠤᠯᠬᠤ᠂ ᠮᠡᠳᠡᠭᠡ ᠵᠠᠩᠭᠢ ᠶᠢᠨ ᠠᠮᠤᠷ ᠲᠦᠪᠰᠢᠨ᠂ ᠰᠦᠯᠵᠢᠶ᠎ᠡ ᠪᠠ ᠳ᠋ᠠᠶᠢᠲ᠋ᠠ ᠶᠢᠨ ᠠᠮᠤᠷ ᠲᠦᠪᠰᠢᠨ᠂ ᠢᠮᠧᠯ ᠤᠨ ᠠᠮᠤᠷ ᠲᠦᠪᠰᠢᠨ᠂ ᠬᠢᠨᠠᠨ ᠰᠢᠨᠵᠢᠵᠦ ᠰᠡᠷᠡᠮᠵᠢᠯᠡᠭᠦᠯᠬᠦ ᠪᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ᠂ ᠬᠢᠨᠠᠨ ᠬᠠᠮᠢᠶᠠᠷᠬᠤ ᠵᠢᠴᠢ ᠳᠠᠭᠠᠯᠳᠤᠭᠤᠯᠤᠯ ᠳᠦᠷᠢᠮ ᠪᠠᠭᠲᠠᠨ᠎ᠠ᠃    ᠲᠣᠭᠲᠠᠭᠠᠯ ᠳᠤ᠂ ᠨᠢᠭᠡ ᠨᠠᠮ ᠵᠠᠰᠠᠭ ᠤᠨ ᠪᠠᠶᠢᠭᠤᠯᠭ᠎ᠠ ᠬᠠᠮᠤᠭ ᠤᠨ ᠠᠷᠪᠢᠨ ᠳᠤ ᠪᠠᠨ ᠨᠢᠭᠡ ᠫᠣᠷᠲ᠋ᠧᠯ ᠰᠦᠯᠵᠢᠶ᠎ᠡ ᠪᠠᠶᠢᠭᠤᠯᠤᠨ᠎ᠠ᠃ ᠢᠨᠲ᠋ᠧᠷ ᠰᠦᠯᠵᠢᠶᠡᠨ ᠤ ᠵᠠᠰᠠᠭ ᠤᠨ ᠶᠠᠪᠤᠳᠠᠯ ᠤᠨ ᠬᠡᠷᠡᠭᠯᠡᠯᠲᠡ ᠶᠢᠨ ᠨᠡᠷᠡᠶᠢᠳᠦᠯ ᠳᠤ ᠪᠣᠳᠠᠲᠤ ᠴᠣᠭᠴᠠ ᠶᠢᠨ ᠪᠠᠶᠢᠭᠤᠯᠤᠮᠵᠢ ᠶᠢᠨ ᠨᠡᠷᠡᠶᠢᠳᠦᠯ᠂ ᠵᠢᠷᠤᠮᠵᠢᠭᠰᠠᠨ ᠲᠣᠪᠴᠢ ᠨᠡᠷᠡᠶᠢᠳᠦᠯ ᠢ ᠤᠷᠢᠳ ᠢᠶᠠᠷ ᠬᠡᠷᠡᠭᠯᠡᠵᠦ᠂ ᠪᠤᠰᠤᠳ ᠨᠡᠷᠡᠶᠢᠳᠦᠯ ᠢ ᠬᠡᠷᠡᠭᠯᠡᠪᠡᠯ᠂ ᠵᠠᠷᠴᠢᠮ ᠳᠡᠭᠡᠷ᠎ᠡ ᠪᠠᠨ ᠣᠷᠣᠨ ᠪᠦᠰᠡ ᠶᠢᠨ ᠨᠡᠷ᠎ᠡ ᠳᠡᠭᠡᠷ᠎ᠡ ᠡᠭᠦᠷᠭᠡ ᠬᠠᠷᠢᠭᠤᠴᠠᠯᠭ᠎ᠠ ᠶᠢᠨ ᠨᠡᠷ᠎ᠡ ᠶᠢ ᠨᠡᠮᠡᠭᠰᠡᠨ ᠨᠡᠷᠡᠶᠢᠳᠬᠦ ᠠᠷᠭ᠎ᠠ ᠮᠠᠶ᠋ᠢᠭ ᠢ ᠠᠪᠬᠤ ᠶᠢᠨ ᠬᠠᠮᠲᠤ᠂ ᠢᠯᠡᠷᠬᠡᠢ ᠣᠷᠣᠨ ᠪᠠᠶᠢᠷᠢ ᠳᠤ ᠪᠣᠳᠠᠲᠤ ᠴᠣᠭᠴᠠ ᠶᠢᠨ ᠪᠠᠶᠢᠭᠤᠯᠤᠮᠵᠢ ᠶᠢᠨ ᠨᠡᠷᠡᠶᠢᠳᠦᠯ ᠢ ᠲᠣᠳᠣᠷᠬᠠᠶᠢᠯᠠᠬᠤ ᠬᠡᠷᠡᠭᠲᠡᠢ ᠭᠡᠵᠦ ᠱᠠᠭᠠᠷᠳᠠᠵᠠᠢ᠃    ᠲᠣᠭᠲᠠᠭᠠᠯ ᠳᠤ ᠵᠢᠭᠠᠵᠤ ᠭᠠᠷᠭᠠᠭᠰᠠᠨ ᠨᠢ᠂ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠠᠮᠤᠷ ᠲᠦᠪᠰᠢᠨ ᠨᠢᠭᠤᠴᠠ ᠶᠢ ᠬᠠᠮᠠᠭᠠᠯᠠᠵᠤ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠠᠪᠴᠤ᠂ ᠤᠯᠤᠰ ᠤᠨ ᠨᠢᠭᠤᠴᠠ᠂ ᠠᠵᠢᠯ ᠤᠨ ᠨᠢᠭᠤᠴᠠ ᠶᠢ ᠨᠡᠶᠢᠲᠡᠯᠡᠬᠦ ᠶᠢ ᠴᠢᠩᠭ᠎ᠠ ᠴᠠᠭᠠᠵᠠᠯᠠᠨ᠂ ᠢᠨᠲ᠋ᠧᠷ ᠰᠦᠯᠵᠢᠶᠡᠨ ᠤ ᠵᠠᠰᠠᠭ ᠤᠨ ᠶᠠᠪᠤᠳᠠᠯ ᠤᠨ ᠬᠡᠷᠡᠭᠯᠡᠯᠲᠡ ᠶᠢᠨ ᠳ᠋ᠠᠶᠢᠲ᠋ᠠ ᠶᠢᠨ ᠴᠤᠭᠯᠠᠷᠠᠯ᠂ ᠬᠤᠯᠪᠣᠭ᠎ᠠ ᠠᠴᠠ ᠪᠣᠯᠤᠭᠰᠠᠨ ᠨᠢᠭᠤᠴᠠ ᠶᠢ ᠵᠠᠳᠠᠷᠠᠭᠤᠯᠬᠤ ᠲᠦᠭᠰᠢᠭᠦᠷᠢ ᠶᠢ ᠰᠡᠷᠭᠡᠶᠢᠯᠡᠬᠦ ᠬᠡᠷᠡᠭᠲᠡᠢ᠃ ᠢᠨᠲ᠋ᠧᠷ ᠰᠦᠯᠵᠢᠶᠡᠨ ᠤ ᠵᠠᠰᠠᠭ ᠤᠨ ᠶᠠᠪᠤᠳᠠᠯ ᠤᠨ ᠬᠡᠷᠡᠭᠯᠡᠯᠲᠡ ᠶᠢᠨ ᠠᠵᠢᠯ ᠤᠨ ᠨᠢᠭᠤᠴᠠ ᠶᠢ ᠬᠠᠳᠠᠭᠠᠯᠠᠬᠤ᠂ ᠰᠢᠢᠳᠪᠦᠷᠢᠯᠡᠬᠦ᠂ ᠳᠠᠮᠵᠢᠭᠤᠯᠬᠤ ᠶᠠᠪᠤᠴᠠ ᠳᠠᠬᠢ ᠨᠢᠭᠤᠴᠠ ᠶᠢ ᠬᠠᠮᠠᠭᠠᠯᠠᠬᠤ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ ᠭᠡᠵᠡᠢ᠃    ᠲᠣᠭᠲᠠᠭᠠᠯ ᠢ ᠦᠨᠳᠦᠰᠦᠯᠡᠪᠡᠯ᠂ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠨᠢ ᠢᠨᠲ᠋ᠧᠷ ᠰᠦᠯᠵᠢᠶᠡᠨ ᠤ ᠵᠠᠰᠠᠭ ᠤᠨ ᠶᠠᠪᠤᠳᠠᠯ ᠤᠨ ᠬᠡᠷᠡᠭᠯᠡᠯᠲᠡ ᠶᠢᠨ ᠠᠮᠤᠷ ᠲᠦᠪᠰᠢᠨ ᠢ ᠬᠢᠨᠠᠨ ᠰᠢᠨᠵᠢᠬᠦ ᠴᠢᠳᠠᠪᠤᠷᠢ ᠪᠠᠨ ᠪᠠᠶᠢᠭᠤᠯᠤᠨ ᠲᠡᠭᠦᠯᠳᠡᠷᠵᠢᠭᠦᠯᠵᠦ᠂ ᠢᠨᠲ᠋ᠧᠷ ᠰᠦᠯᠵᠢᠶᠡᠨ ᠤ ᠵᠠᠰᠠᠭ ᠤᠨ ᠶᠠᠪᠤᠳᠠᠯ ᠤᠨ ᠬᠡᠷᠡᠭᠯᠡᠯᠲᠡ ᠶᠢᠨ ᠠᠵᠢᠯᠯᠠᠭᠠᠨ ᠤ ᠪᠠᠶᠢᠳᠠᠯ ᠪᠠ ᠰᠦᠯᠵᠢᠶᠡᠨ ᠤ ᠠᠮᠤᠷ ᠲᠦᠪᠰᠢᠨ ᠤ ᠬᠡᠷᠡᠭ ᠤᠨ ᠪᠠᠶᠢᠳᠠᠯ ᠢ ᠲᠤᠬᠠᠢ ᠶᠢᠨ ᠴᠠᠭ ᠲᠤ ᠨᠢ ᠬᠢᠨᠠᠨ ᠰᠢᠨᠵᠢᠬᠦ ᠬᠡᠷᠡᠭᠲᠡᠢ᠃    ᠲᠣᠭᠲᠠᠭᠠᠯ ᠢ 2024 ᠣᠨ ᠤ 7 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ 
 
ᠢᠷᠡᠯᠲᠡ᠄ ᠥᠪᠦᠷ ᠮᠣᠩᠭᠤᠯ ᠤᠨ ᠥᠪᠡᠷᠲᠡᠭᠡᠨ ᠵᠠᠰᠠᠠᠬᠤ ᠣᠷᠣᠨ ᠤ ᠠᠷᠠᠳ ᠤᠨ ᠵᠠᠰᠠᠭ ᠤᠨ ᠣᠷᠳᠣᠨ  ᠤ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号