ᠥᠪᠡᠷᠲᠡᠭᠡᠨ ᠵᠠᠰᠠᠬᠤ ᠣᠷᠣᠨ ᠤ ᠦᠨᠳᠦᠰᠦ ᠣᠷᠠᠯᠠᠯ ᠤᠨ ᠪᠣᠳᠠᠰ ᠤᠨ ᠪᠤᠰᠤ ᠰᠣᠶᠣᠯ ᠤᠨ ᠥᠪ ᠤᠨ ᠦᠪᠯᠡᠨ ᠣᠯᠠᠮᠵᠢᠯᠬᠠᠴᠢ —  ᠰᠡᠴᠡᠨᠪᠠᠲᠤ
ᠨᠡᠶᠢᠲᠡᠯᠡᠭᠰᠡᠨ ᠴᠠᠭ᠄
2024/5/24
         ᠰᠡᠴᠡᠨᠪᠠᠲᠤ1965 ᠣᠨ ᠳᠤ ᠰᠢᠯᠤᠭᠤᠨ ᠬᠦᠬᠡ ᠬᠤᠰᠢᠭᠤᠨ ᠤ ᠤᠤᠯ ᠤᠨ ᠣᠰᠣᠳᠣᠴᠠᠭᠠᠨ ᠰᠣᠮᠣᠨ ᠤ ᠪᠣᠯᠠᠭᠠᠨᠴᠠᠭᠠᠨ ᠭᠠᠴᠠᠭ᠎ᠠ ᠳᠤ ᠲᠦᠷᠦᠵᠡᠢ᠃ ᠪᠤᠭᠤᠲᠤ‌ᠬᠤᠳᠠ ᠶᠢᠨ ᠡᠮᠨᠡᠯᠭᠡ ᠶᠢᠨ ᠳᠡᠭᠡᠳᠦ ᠰᠤᠷᠭᠠᠭᠤᠯᠢ ᠠᠴᠠ ᠲᠡᠬᠦᠰᠦᠨ᠂ ᠤᠳᠤ ᠰᠢᠯᠤᠭᠤᠨ ᠬᠦᠬᠡ ᠬᠤᠰᠢᠭᠤᠨ ᠤ ᠡᠮᠨᠡᠯᠭᠡ ᠶᠢᠨ ᠬᠤᠷᠢᠶ᠎ᠠ ᠳᠤ ᠠᠵᠢᠯᠯᠠᠵᠤ ᠪᠤᠢ ᠃     ᠰᠡᠴᠡᠨᠪᠠᠲᠤ ᠠᠪᠤ ᠶᠢᠨ ᠪᠠᠨ ᠨᠦᠯᠦᠬᠡ ᠪᠠᠷ ᠂ ᠬᠠᠷᠠᠬᠠᠨ ᠪᠠᠭ᠎ᠠ ᠠᠴᠠ ᠪᠠᠨ  ᠦᠨᠳᠦᠰᠦ ᠣᠷᠠᠯᠠᠯ ᠲᠤ ᠲᠣᠷ᠎ᠡ ᠪᠠᠭ᠋ᠠᠳᠠᠢ ᠪᠠᠶᠢᠵᠦ᠂ ᠠᠩᠬ᠎ᠠ ᠡᠬᠢᠯᠡᠬᠡᠳ ᠬᠠᠳᠠᠵᠣ ᠬᠤᠪᠬᠠᠶᠢᠷᠠᠬᠰᠡᠨ ᠮᠣᠳᠣᠨ ᠤ ᠦᠨᠳᠦᠰᠦ ᠪᠠᠷ ᠬᠡᠦᠬᠡᠳ ᠤᠨ ᠲᠣᠭᠯᠠᠭᠠᠮ᠂ ᠰᠠᠨᠳᠠᠯᠢ ᠵᠡᠷᠭᠡ ᠳᠥᠭᠦᠮ ᠭᠠᠷ ᠤᠷᠠᠯᠠᠯ ᠤᠨ ᠪᠣᠳᠠᠰ ᠬᠢᠵᠦ  ᠪᠠᠶᠢᠠᠠᠰᠠᠨ  ᠢᠶᠠᠨ ᠮᠡᠷᠭᠡᠵᠢᠯ ᠨᠢ ᠠᠭᠠᠵᠢᠮ ᠢᠶᠠᠷ  ᠲᠡᠭᠡᠭᠰᠢᠯᠡᠵᠦ‌‍ᠪᠣᠯᠪᠠᠰᠤᠷᠠᠩᠭᠤᠢ ᠪᠣᠯᠣᠬᠰᠡᠨ ᠪᠠ ᠲᠤᠰᠬᠠᠢ ᠮᠡᠷᠭᠡᠵᠢᠯ ᠤᠨ ᠨᠣᠮ ᠪᠢᠴᠢᠭ ᠂ ᠲᠡᠦᠬᠡ  ᠶᠢᠨ ᠮᠠᠲ᠋ᠧᠷᠢᠶᠠᠯ ᠢ ᠥᠵᠡᠵᠣ᠂ ᠬᠤᠷᠣᠬᠠᠢ ᠰᠢᠪᠠᠵᠢ᠂ ᠠᠮᠢᠳᠠᠨ ᠭᠤᠣᠯᠳᠠᠨ ᠤ ᠬᠡᠯᠪᠡᠷᠢ ᠲᠥᠷᠰᠣ ᠶᠢ ᠠᠵᠢᠭᠯᠠᠨ ᠰᠢᠨᠵᠢᠵᠦ᠂  ᠵᠣᠬᠢᠶᠠᠨ ᠪᠦᠲᠦᠭᠡᠬᠦ ᠮᠡᠳᠡᠷᠡᠮᠵᠢ ᠠᠪᠴᠤ᠂  ᠥᠨᠳᠣᠰᠣ ᠣᠷᠠᠯᠠᠯ ᠤᠨ ᠵᠣᠬᠢᠶᠠᠨ ᠪᠦᠲᠦᠭᠡᠯᠭᠡ ᠶᠢᠨ ᠰᠡᠳᠦᠪᠯᠡᠬᠦᠨ ᠢᠶᠠᠨ ᠲᠠᠰᠤᠷᠠᠯᠳᠠ ᠦᠭᠡᠢ  ᠰᠢᠨᠡᠥᠠᠭᠡᠨ ᠴᠢᠷᠮᠠᠶᠢᠵᠤ ᠠᠵᠢᠯᠯᠠᠠᠰᠠᠭᠠᠷ ᠢᠶᠠᠷ ᠦᠨᠳᠦᠰᠦ ᠰᠡᠶᠢᠯᠦᠮᠡᠯ ᠤᠨ ᠥᠪᠡᠷᠮᠢᠴᠡ ᠤᠷᠠᠯᠢᠭ ᠤᠨ ᠬᠡᠪ ᠨᠠᠮᠪᠠ ᠪᠦᠷᠢᠯᠳᠦᠨ᠂ ᠣᠳᠣᠬᠠᠨ ᠳᠤ ᠨᠡᠶᠢᠲᠡ 300 ᠭᠠᠷᠤᠶ ᠦᠨᠳᠦᠰᠦ ᠣᠷᠠᠯᠠᠯ  ᠤᠨ ᠪᠦᠲᠦᠭᠡᠯ  ᠤᠷᠠᠯᠠᠨ ᠪᠦᠲᠦᠭᠡᠵᠡᠶ᠃     ᠰᠡᠴᠡᠨᠪᠠᠲᠤ ᠰᠣᠷᠪᠣᠯᠵᠢᠯᠬᠠᠴᠢ ᠳᠤ᠄  ︽1982 ᠣᠨ ᠳᠤ ᠶᠡᠭᠡ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠳᠠᠭᠤᠰᠤᠭᠰᠠᠨ ᠤ ᠳᠠᠷᠠᠭ᠎ᠠ᠂ ᠪᠢ ᠨᠤᠲᠤᠭ ᠲᠠᠭᠠᠨ ᠪᠣᠴᠠᠵᠠᠢ᠃ ᠨᠢᠬᠡ ᠡᠳᠦᠷ᠂ ᠶᠠᠭ ᠰᠠᠶᠢᠬᠠᠨ ᠬᠤᠨᠢ ᠬᠠᠷᠢᠭᠤᠯᠵᠤ  ᠶᠠᠪᠣᠳᠠᠯ᠎ᠠ᠂ ᠰᠠᠯᠠᠭ᠎ᠠ ᠨᠠᠮᠠᠭ᠎ᠠ ᠨᠢ ᠬᠤᠪᠠᠭ᠋ᠠᠶᠢᠷᠠᠭᠰᠠᠨ ᠮᠣᠳᠣ ᠶᠢ ᠬᠠᠷᠠᠭᠠᠳ ᠲᠡᠬᠦᠨ ᠠᠴᠠ ᠣᠷᠠᠨ ᠪᠥᠳᠣᠬᠡᠯ ᠤᠨ ᠰᠡᠳᠬᠢᠭᠳᠡᠯ  ᠲᠥᠷᠣᠭ᠍ᠳᠡᠯ᠎ᠡ᠃ ᠡᠲᠡᠭᠡᠷ ᠬᠠᠳᠠᠵᠣ ᠬᠤᠪᠠᠭ᠋ᠠᠶᠢᠷᠠᠭᠰᠠᠨ ᠮᠣᠳᠣᠨ  ᠤ ᠦᠨᠳᠦᠰᠦ ᠶᠢ ᠬᠠᠶᠢᠷᠠᠯᠠᠨ ᠬᠠᠮᠠᠭᠠᠯᠠᠬᠤ ᠶᠢᠨ ᠲᠥᠯᠥᠭᠡ ᠦᠨᠳᠦᠰᠦ ᠣᠷᠠᠯᠠᠯ ᠢ ᠬᠢᠵᠦ᠂ ᠨᠢᠬᠡ ᠮᠡᠳᠡᠬᠦ ᠳᠤ ᠳᠥᠴᠢ ᠭᠠᠷᠤᠶ ᠵᠢᠯ  ᠬᠢᠴᠢᠬᠡᠯ᠎ᠠ᠃ ᠣᠲᠣ  ᠦᠨᠳᠦᠰᠦ  ᠣᠷᠠᠯᠠᠯ  ᠨᠢ ᠪᠣᠳᠠᠰ ᠤᠨ ᠪᠤᠰᠤ ᠰᠣᠶᠣᠯ ᠤᠨ ᠥᠪ ᠲᠤ ᠪᠥᠷᠢᠳᠬᠡᠭᠳᠡᠯ᠎ᠠ᠂ ᠪᠢ ᠡᠨᠡ ᠬᠦ ᠣᠷᠠᠯᠠᠯ ᠢᠶᠠᠨ ᠬᠤᠶᠢᠴᠢ ᠦᠶ᠎ᠡ ᠳᠡᠭᠡᠨ ᠬᠠᠷᠠᠮ ᠥᠬᠡᠢ ᠤᠯᠠᠮᠵᠢᠯᠠᠨ᠎ᠠ᠂ ᠣᠲᠣ ᠮᠢᠨᠦ ᠬᠡᠦᠬᠡᠳ ᠨᠢᠭᠡᠨᠲᠡ ᠳᠥᠷᠪᠡᠳᠦᠭᠡᠷ ᠦᠶ᠎ᠡ ᠶᠢᠨ ᠤᠯᠠᠮᠵᠢᠯᠠᠨ ᠵᠠᠯᠭᠠᠮᠵᠢᠯᠠᠭᠴᠢ ᠪᠣᠯᠵᠠᠶ᠃  ᠪᠢᠳᠡ‌ᠠᠪᠤ ᠲᠡᠭᠡᠳᠦ ᠠᠴᠠ ᠣᠯᠠᠮᠵᠢᠯᠬᠠᠰᠠᠨ  ᠦᠨᠳᠦᠰᠦ ᠣᠷᠠᠯᠠᠯ ᠤᠨ ᠣᠷ᠎ᠠ  ᠮᠡᠷᠭᠡᠵᠢᠯ ᠢ ᠬᠠᠮᠲᠤ ᠪᠠᠷ ᠬᠠᠮᠠᠭᠠᠯᠠᠵᠤ᠂ ᠲᠠᠰᠤᠷᠠᠯᠲᠠ ᠥᠬᠡᠶ ᠰᠢᠨ᠎ᠡ ᠶᠢ ᠡᠭᠦᠳᠴᠦ᠂ ᠬᠥᠮᠦᠰ ᠤᠨ ᠲᠠᠭᠠᠰᠢᠶᠠᠯ ᠬᠦᠷᠢᠶᠡᠯᠡᠯ ᠢ  ᠣᠯᠬᠤ ᠨᠠᠩ ᠣᠯᠠᠨ ᠣᠷᠠᠨ ᠪᠦᠲᠦᠭᠡᠯ ᠡᠬᠦᠳᠬᠦ  ᠶᠢᠨ ᠬᠠᠮᠲᠤ ᠦᠨᠳᠦᠰᠦ ᠣᠷᠠᠯᠠᠯ ᠤᠨ ᠳᠤᠷ᠎ᠠ ᠪᠠᠭ᠋ᠠᠲᠠᠳ ᠢ ᠪᠣᠯᠪᠠᠰᠣᠷᠠᠭᠤᠯᠣᠨ ᠰᠤᠷᠤᠯᠴᠠᠭᠤᠯᠵᠤ᠂ ᠦᠨᠳᠦᠰᠦ ᠣᠷᠠᠯᠠᠯ ᠤᠨ ᠤᠯᠠᠮᠵᠢᠯᠠᠯ ᠪᠠ ᠬᠥᠭᠵᠢᠯᠲᠡ ᠳᠤ ᠬᠤᠪᠢ ᠨᠡᠮᠡᠷᠢ ᠦᠵᠡᠭᠦᠯᠦᠨ᠎ᠡ︾ ᠬᠡᠯ᠎ᠡ᠃   ᠰᠡᠴᠡᠨᠪᠠᠲᠤ ᠶᠢᠨ ᠲᠠᠨᠢᠯᠴᠠᠭᠤᠯᠤᠭᠰᠠᠨ ᠢᠶᠠᠷ᠂ ᠦᠨᠳᠦᠰᠦ  ᠣᠷᠠᠯᠠᠯ ᠪᠣᠯ ᠳᠤᠮᠳᠠᠳᠤ ᠤᠨ ᠤᠯᠠᠮᠵᠢᠯᠠᠯᠲᠤ ᠰᠡᠶᠢᠯᠦᠮᠡᠯ ᠤᠷᠠᠯᠢᠭ ᠤᠨ ᠨᠢᠭᠡ ᠮᠥᠨ᠂ ᠮᠣᠳᠣᠨ ᠤ ᠦᠨᠳᠦᠰᠦ ᠶᠢᠨ ᠠᠶᠠᠨᠳᠠᠭᠠᠨ ᠡᠭᠦᠰᠦᠭᠰᠡᠨ ᠬᠡᠯᠪᠡᠷᠢ ᠵᠢᠴᠢ ᠤᠷᠠᠨ ᠰᠡᠳᠬᠢᠮᠵᠢ᠂ ᠪᠣᠯᠪᠠᠰᠤᠷᠠᠭᠤᠯᠤᠯᠲᠠ ᠪᠠᠷ ᠠᠳᠠᠯᠢ ᠪᠤᠰᠤ ᠲᠥᠷᠥᠯ ᠤᠨ ᠤᠷᠠᠯᠢᠭ ᠤᠨ ᠳᠦᠷᠢ  ᠶᠢ ᠵᠣᠬᠢᠶᠠᠨ ᠪᠦᠲᠦᠭᠡᠭᠰᠡᠨ ᠶᠤᠮ᠃ ᠤᠷᠠᠨ ᠪᠦᠲᠦᠭᠡᠯ ᠨᠢ ᠪᠠᠶᠢᠭᠠᠯᠢ ᠶᠢᠨ ᠬᠡᠯᠪᠡᠷᠢ ᠳᠦᠷᠰᠦ ᠶᠢ ᠪᠠᠷᠢᠮᠳᠠᠯᠠᠵᠦ᠂ ᠪᠤᠳᠤᠭ  ᠣᠷᠣᠭᠤᠯᠬᠤ ᠥᠬᠡᠶ᠂ ᠤᠤᠭᠠᠯ ᠲᠥᠷᠬᠦ ᠶᠢ ᠨᠢ  ᠬᠠᠳᠠᠭᠠᠯᠠᠳᠠᠭ᠃ ᠣᠳᠣᠬᠠᠨ ᠳᠤ᠂  ᠲᠡᠭᠦᠨ ᠤ ᠬᠤᠯᠠᠨ ᠰᠢᠷᠭ᠎ᠠ ᠲᠠᠭ᠎ᠠ ᠶᠢᠨ ᠡᠯᠡᠰᠦᠨ ᠳᠤ ᠤᠰᠠᠳᠬᠤ ᠰᠢᠬᠠᠭᠰᠠᠨ ᠮᠣᠳᠣᠨ ᠤ ᠦᠨᠳᠦᠰᠦ ᠪᠠᠷ ᠣᠷᠠᠯᠠᠵᠣ ᠬᠢᠭᠰᠡᠨ ᠴᠡᠴᠡᠭ ᠤᠨ ᠯᠣᠩᠬᠤ᠂ ᠴᠢᠮᠡᠭᠯᠡᠯ ᠤᠨ ᠡᠳ᠋᠂ ᠬᠥᠮᠦᠨ ᠪᠠ ᠠᠮᠢᠲᠠᠨ ᠵᠡᠷᠭᠡ ᠦᠨᠳᠦᠰᠦᠨ ᠣᠷᠠᠯᠠᠯ ᠤᠨ ᠡᠳ᠋ ᠨᠢ ᠤᠯᠠᠮ ᠠᠴᠠ ᠤᠯᠠᠮ ᠬᠤᠪᠣᠷ ᠨᠠᠨᠳᠢᠨ ᠵᠥᠢᠯᠡᠰ ᠪᠤᠯᠵᠤ ᠪᠠᠶᠢᠭ᠎ᠠ ᠶᠤᠮ᠃   ᠰᠡᠴᠡᠨᠪᠠᠲᠤ ᠡᠳᠡᠭᠡᠷ ᠵᠢᠯ ᠤᠳ ᠲᠤ ᠨᠢᠭᠡ ᠯᠡ ᠰᠡᠳᠬᠢᠯ ᠢᠶᠠᠷ ᠰᠤᠷᠤᠯᠴᠠᠨ᠂ ᠥᠪᠡᠷ ᠤᠨ ᠭᠡᠰᠡᠨ ᠣᠯᠠᠨ ᠰᠣᠳᠣᠨ  ᠪᠦᠳᠦᠬᠡᠯ ᠲᠠᠢ ᠪᠣᠯᠵᠠᠢ᠃  1995 ᠣᠨ ᠳᠤ ᠰᠢᠯᠤᠭᠤᠨ ᠬᠦᠬᠡ ᠬᠤᠰᠢᠭᠤᠨ ᠤ ᠬᠤᠶᠠᠳᠤᠭᠠᠷ ᠬᠤᠭᠤᠴᠠᠭᠠᠨ ᠤ  ︽ᠭᠡᠷᠡᠯ ᠵᠢᠷᠤᠭ ᠤᠨ ᠤᠷᠠᠨ ᠪᠢᠴᠢᠯᠭᠡ ᠤᠷᠠᠨ ᠵᠢᠷᠤᠭ ᠤᠨ ᠤᠷᠠᠯᠢᠭ ᠤᠨ ᠦᠵᠡᠰᠬᠦᠯᠡᠩ︾ ᠳᠡᠭᠡᠷ᠎ᠡ ︽ᠭᠠᠷᠴᠠᠭ ᠦᠭᠡᠢ︾ ᠭᠡᠬᠦ  ᠦᠨᠳᠦᠰᠦ ᠣᠷᠠᠯᠠᠯ ᠤᠨ ᠪᠦᠲᠦᠭᠡᠯ ᠨᠢ ᠬᠤᠶᠠᠳᠤᠭᠠᠷ ᠳᠡᠰ ᠤᠨ ᠱᠠᠩᠨᠠᠯ  ᠬᠦᠷᠳᠡᠵᠦ᠂ ︽ᠬᠤᠪᠢᠯᠭᠠᠨ ᠮᠡᠯᠡᠬᠡᠶ ︾᠂ ︽ᠴᠡᠴᠡᠭ ‍ᠦᠨ‌ᠯᠣᠩᠬᠤ︾ ᠵᠡᠷᠭᠡ ᠪᠦᠲᠦᠭᠡᠯ  ᠨᠢ 2007 ᠣᠨ ᠤ ︽ᠳᠤᠮᠳᠠᠳᠤ ᠤᠯᠤᠰ ᠤᠨ ᠰᠣᠳᠣᠨ ᠦᠨᠳᠦᠰᠦᠨ ᠰᠡᠶᠢᠯᠦᠮᠡᠯ ᠵᠢᠷᠤᠭ ᠤᠨ ᠲᠡᠭᠦᠪᠦᠷᠢ︾ ᠳᠤ ᠰᠣᠩᠭᠤᠬᠳᠠᠨ  ᠂ ︽ᠭᠤᠸ᠎ᠠ ᠰᠠᠶᠢᠬᠠᠨ ᠤ ᠭᠠᠶᠢᠬᠠᠮᠰᠢᠭ ︾ ᠵᠡᠷᠭᠡ 6  ᠦᠨᠳᠦᠰᠦ ᠣᠷᠠᠯᠠᠯ ᠤᠨ ᠪᠦᠲᠦᠭᠡᠯ  ᠨᠢ 2009 ᠣᠨ ᠤ 7 ᠰᠠᠷ᠎ᠠ ᠳᠤ  ︽ᠳᠡᠯᠡᠬᠡᠶ ᠶᠢᠨ ᠬᠥᠮᠦᠨ ᠰᠣᠶᠣᠯ ᠤᠨ ᠵᠢᠷᠤᠭᠲᠤ ᠰᠡᠳᠬᠦᠯ ︾ ᠤᠨ ᠳᠣᠯᠣᠳᠤᠭᠠᠷ ᠬᠤᠭᠤᠴᠠᠭᠠᠨ ᠳᠡᠭᠡᠷ᠎ᠡ ᠨᠡᠶᠢᠳᠡᠯᠡᠭᠳᠡᠵᠣ᠂ 2013 ᠣᠨ ᠤ 10 ᠰᠠᠷ᠎ᠠ ᠳᠤ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ  ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠦᠪᠯᠡᠨ‌ᠤᠯᠠᠮᠵᠢᠯᠠᠭᠴᠢ ᠪᠤᠯᠵᠠᠢ᠃
微信图片_20240524102158.jpg
微信图片_20240524102219.jpg
微信图片_20240524102215.jpg
微信图片_20240524102224.jpg
微信图片_20240524102229.jpg
微信图片_20240524102233.jpg
微信图片_20240524102237.jpg
微信图片_20240524102242.jpg
  
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号