ᠰᠢ ᠶᠢᠨ ᠫᠢᠩ ᠫᠠᠷᠢᠰ ᠲᠤ ᠬᠦᠷᠴᠦ ᠹᠷᠠᠨᠼᠢ ᠳᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠵᠦ ᠡᠬᠢᠯᠡᠪᠡ
ᠨᠡᠶᠢᠲᠡᠯᠡᠭᠰᠡᠨ ᠴᠠᠭ᠄
2024/5/6
    ᠲᠤᠬᠠᠢ ᠶᠢᠨ ᠭᠠᠵᠠᠷ ᠤᠨ ᠴᠠᠭ ᠢᠶᠠᠷ 5 ᠰᠠᠷ᠎ᠠ ᠶᠢᠨ 5᠎ ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠲᠤᠰᠬᠠᠢ ᠨᠢᠰᠬᠡᠯ ᠢᠶᠠᠷ ᠫᠠᠷᠢᠰ ᠲᠤ ᠬᠦᠷᠴᠦ᠂ ᠪᠦᠭᠦᠳᠠ ᠨᠠᠶᠢᠷᠠᠮᠳᠠᠬᠤ ᠹᠷᠠᠨᠼᠢ ᠤᠯᠤᠰ ᠤᠨ ᠶᠡᠷᠦᠩᠬᠡᠶᠢᠯᠡᠭᠴᠢ ᠮᠠᠶᠢᠺᠷᠤᠨ ᠤ ᠤᠷᠢᠯᠭ᠎ᠠ ᠪᠠᠷ ᠹᠷᠠᠨᠼᠢ ᠳᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠪᠡ᠃     ᠰᠢ ᠶᠢᠨ ᠫᠢᠩ ᠲᠤᠰᠬᠠᠢ ᠨᠢᠰᠬᠡᠯ ᠢᠶᠠᠷ ᠫᠠᠷᠢᠰ ᠤᠨ ᠣᠯᠢ ᠨᠢᠰᠬᠡᠯ ᠤᠨ ᠪᠠᠭᠤᠳᠠᠯ ᠳᠤ ᠬᠦᠷᠬᠦ ᠦᠶ᠎ᠡ ᠳᠤ᠂ ᠹᠷᠠᠨᠼᠢ ᠶᠢᠨ ᠶᠡᠷᠦᠩᠬᠡᠢ ᠰᠠᠶᠢᠳ ᠠᠲ᠋ᠠᠯ ᠵᠡᠷᠭᠡ ᠹᠷᠠᠨᠼᠢ ᠶᠢᠨ ᠵᠠᠰᠠᠭ ᠤᠨ ᠣᠷᠳᠣᠨ ᠤ ᠳᠡᠭᠡᠳᠦ ᠲᠡᠰ ᠤᠨ ᠲᠥᠯᠥᠭᠡᠯᠡᠭᠴᠢ ᠬᠠᠯᠠᠭᠤᠨ ᠢᠶᠠᠷ ᠤᠭᠲᠤᠵᠠᠢ᠃
 01.jpg
     ᠲᠤᠬᠠᠢ ᠶᠢᠨ ᠭᠠᠵᠠᠷ ᠤᠨ ᠴᠠᠭ ᠢᠶᠠᠷ 5 ᠰᠠᠷ᠎ᠠ ᠶᠢᠨ 5᠎ ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠲᠤᠰᠬᠠᠢ ᠨᠢᠰᠬᠡᠯ ᠢᠶᠠᠷ ᠫᠠᠷᠢᠰ ᠲᠤ ᠬᠦᠷᠴᠦ᠂ ᠪᠦᠭᠦᠳᠠ ᠨᠠᠶᠢᠷᠠᠮᠳᠠᠬᠤ ᠹᠷᠠᠨᠼᠢ ᠤᠯᠤᠰ ᠤᠨ ᠶᠡᠷᠦᠩᠬᠡᠶᠢᠯᠡᠭᠴᠢ ᠮᠠᠶᠢᠺᠷᠤᠨ ᠤ ᠤᠷᠢᠯᠭ᠎ᠠ ᠪᠠᠷ ᠹᠷᠠᠨᠼᠢ ᠳᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠪᠡ᠃ ᠰᠢ ᠶᠢᠨ ᠫᠢᠩ ᠲᠤᠰᠬᠠᠢ ᠨᠢᠰᠬᠡᠯ ᠢᠶᠠᠷ ᠫᠠᠷᠢᠰ ᠤᠨ ᠣᠯᠢ ᠨᠢᠰᠬᠡᠯ ᠤᠨ ᠪᠠᠭᠤᠳᠠᠯ ᠳᠤ ᠬᠦᠷᠬᠦ ᠦᠶ᠎ᠡ ᠳᠤ᠂ ᠹᠷᠠᠨᠼᠢ ᠶᠢᠨ ᠶᠡᠷᠦᠩᠬᠡᠢ ᠰᠠᠶᠢᠳ ᠠᠲ᠋ᠠᠯ ᠵᠡᠷᠭᠡ ᠹᠷᠠᠨᠼᠢ ᠶᠢᠨ ᠵᠠᠰᠠᠭ ᠤᠨ ᠣᠷᠳᠣᠨ ᠤ ᠳᠡᠭᠡᠳᠦ ᠲᠡᠰ ᠤᠨ ᠲᠥᠯᠥᠭᠡᠯᠡᠭᠴᠢ ᠬᠠᠯᠠᠭᠤᠨ ᠢᠶᠠᠷ ᠤᠭᠲᠤᠪᠠ᠃     ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠶᠠᠨ ᠶᠠᠨ ᠰᠡᠭᠦᠳᠡᠷᠯᠡᠪᠡ     ᠰᠢ ᠶᠢᠨ ᠫᠢᠩ ᠪᠢᠴᠢᠭ ᠤᠨ ᠭᠡᠯᠪᠡᠷᠢ ᠪᠠᠷ ᠶᠠᠷᠢᠶ᠎ᠠ ᠲᠠᠯᠪᠢᠪᠠ᠃     ᠰᠢ ᠶᠢᠨ ᠫᠢᠩ᠂ ᠪᠢ ᠹᠷᠠᠨᠼᠢ ᠳᠤ ᠭᠤᠷᠪᠠᠳᠠᠭᠢ ᠤᠳᠠᠭ᠎ᠠ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠵᠦ᠂ ᠹᠷᠠᠨᠼᠢ ᠶᠢᠨ ᠠᠷᠠᠳ ᠲᠦᠮᠡᠨ ᠲᠠᠢ ᠬᠠᠮᠲᠤ ᠪᠠᠷ ᠳᠤᠮᠳᠠᠳᠤ ᠹᠷᠠᠨᠼᠢ ᠶᠢᠨ ᠬᠠᠷᠢᠯᠴᠠᠭ᠎ᠠ ᠪᠠᠶᠢᠭᠤᠯᠤᠭᠰᠠᠨ 60 ᠵᠢᠯ ᠤᠨ ᠤᠢ ᠶᠢ ᠪᠡᠯᠭᠡᠯᠡᠬᠦ ᠪᠣᠯᠤᠭᠰᠠᠨ ᠳᠠᠭᠠᠨ ᠮᠠᠰᠢ ᠪᠠᠶᠠᠷ ᠲᠠᠢ ᠪᠠᠶᠢᠨ᠎ᠠ᠃ ᠳᠣᠷᠣᠨᠠᠳᠠᠬᠢᠨ ᠥᠷᠥᠨᠡᠳᠠᠬᠢᠨ ᠤ ᠪᠣᠯᠪᠠᠰᠤᠨ ᠤ ᠴᠢᠬᠤᠯᠠ ᠲᠥᠯᠥᠭᠡᠯᠡᠭᠴᠢ ᠪᠣᠯᠤᠭᠰᠠᠨ ᠤ ᠬᠤᠪᠢ ᠳᠤ᠂ ᠳᠤᠮᠳᠠᠳᠤ ᠤᠯᠤᠰ ᠪᠣᠯᠣᠨ ᠹᠷᠠᠨᠼᠢ ᠤᠷᠳᠤ ᠬᠤᠭᠤᠴᠠᠭᠠᠨ ᠤ ᠲᠤᠷᠰᠢ ᠬᠠᠷᠢᠯᠴᠠᠨ ᠪᠠᠭ᠋ᠠᠷᠬᠠᠵᠤ᠂ ᠬᠠᠷᠢᠯᠴᠠᠨ ᠬᠠᠯᠠᠮᠵᠢᠯᠠᠭᠰᠠᠭᠠᠷ ᠢᠷᠡᠵᠠᠢ᠃ 60 ᠵᠢᠯ ᠤᠨ ᠡᠮᠦᠨ᠎ᠡ᠂ ᠳᠤᠮᠳᠠᠳᠤ ᠹᠷᠠᠨᠼᠢ ᠬᠤᠶᠠᠷ ᠤᠯᠤᠰ ᠬᠦᠢᠲᠡᠨ ᠲᠠᠶᠢᠨ ᠤ ᠲᠣᠳᠬᠠᠷ ᠢ ᠰᠢᠪᠲᠤᠯᠵᠤ᠂ ᠡᠯᠴᠢᠨ ᠰᠠᠶᠢᠳ ᠤᠨ ᠲᠡᠰ ᠤᠨ ᠭᠠᠳᠠᠭᠠᠳᠤ ᠬᠠᠷᠢᠯᠴᠠᠭ᠎ᠠ ᠪᠠᠶᠢᠭᠤᠯᠪᠠ᠃ 60 ᠵᠢᠯ ᠤᠨ ᠲᠤᠷᠰᠢ᠂ ᠳᠤᠮᠳᠠᠳᠤ ᠹᠷᠠᠨᠼᠢ ᠶᠢᠨ ᠬᠠᠷᠢᠯᠴᠠᠭ᠎ᠠ ᠢᠮᠠᠭᠲᠠ ᠳᠤᠮᠳᠠᠳᠤ ᠤᠯᠤᠰ ᠪᠣᠯᠣᠨ ᠥᠷᠥᠨᠡᠳᠠᠬᠢᠨ ᠤ ᠤᠯᠤᠰ ᠤᠳ ᠤᠨ ᠬᠠᠷᠢᠯᠴᠠᠭᠠᠨ ᠤ ᠡᠮᠦᠨ᠎ᠡ ᠡᠩᠨᠡᠭᠡᠨ ᠳᠤ ᠬᠤᠰᠢᠭᠤᠷᠠᠪᠠ᠃ ᠳᠤᠮᠳᠠᠳᠤ ᠹᠷᠠᠨᠼᠢ ᠶᠢᠨ ᠬᠠᠷᠢᠯᠴᠠᠭ᠎ᠠ ᠶᠢᠨ ᠬᠥᠭᠵᠢᠯᠲᠡ ᠨᠢ ᠬᠤᠶᠠᠷ ᠤᠯᠤᠰ ᠤᠨ ᠠᠷᠠᠳ ᠲᠦᠮᠡᠨ ᠳᠤ ᠪᠤᠶᠠᠨ ᠵᠢᠷᠭᠠᠯ ᠠᠪᠴᠢᠷᠠᠵᠤ ᠥᠭᠭᠦᠭᠰᠡᠨ ᠢᠶᠠᠷ ᠪᠠᠷᠠᠬᠤ ᠦᠭᠡᠢ᠂ ᠪᠠᠰᠠ ᠣᠷᠤᠭ᠎ᠠ ᠪᠤᠰᠬᠠᠭ᠎ᠠ ᠳᠡᠯᠡᠬᠡᠢ ᠶᠢᠷᠲᠢᠨᠴᠦ ᠳᠤ ᠲᠣᠭᠲᠠᠭᠤᠨ ᠴᠢᠨᠠᠷ ᠪᠠ ᠢᠳᠡᠪᠬᠢ ᠬᠦᠴᠦᠨ ᠨᠡᠮᠡᠷᠢᠯᠡᠪᠡ᠃ ᠠᠶᠢᠯᠴᠢᠯᠠᠯᠲᠠ ᠶᠢᠨ ᠬᠤᠭᠤᠴᠠᠭᠠᠨ ᠳᠤ᠂ ᠪᠢ ᠶᠡᠷᠦᠩᠬᠡᠶᠢᠯᠡᠭᠴᠢ ᠮᠠᠶᠢᠺᠷᠤᠨ ᠲᠠᠢ ᠰᠢᠨ᠎ᠡ ᠪᠠᠶᠢᠳᠠᠯ ᠳᠣᠣᠷᠠᠬᠢ ᠳᠤᠮᠳᠠᠳᠤ ᠹᠷᠠᠨᠼᠢ᠂ ᠳᠤᠮᠳᠠᠳᠤ ᠡᠸᠦ᠋ᠷᠦᠫᠡ ᠶᠢᠨ ᠬᠠᠷᠢᠯᠴᠠᠭᠠᠨ ᠤ ᠬᠥᠭᠵᠢᠯᠲᠡ ᠵᠢᠴᠢ ᠣᠳᠣᠬᠠᠨ ᠤ ᠳᠡᠯᠡᠬᠡᠢ ᠶᠢᠨ ᠪᠠ ᠭᠠᠵᠠᠷ ᠣᠷᠣᠨ ᠤ ᠴᠢᠬᠤᠯᠠ ᠶᠡᠭᠡ ᠠᠰᠠᠭᠤᠳᠠᠯ ᠤᠨ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠨ᠎ᠠ᠃ ᠪᠢ ᠡᠨᠡ ᠤᠳᠠᠭ᠎ᠠ ᠶᠢᠨ ᠠᠶᠢᠯᠴᠢᠯᠠᠯᠲᠠ ᠪᠠᠷ ᠳᠠᠮᠵᠢᠨ᠂ ᠬᠤᠶᠠᠷ ᠤᠯᠤᠰ ᠤᠨ ᠤᠯᠠᠮᠵᠢᠯᠠᠯᠲᠤ ᠨᠥᠬᠦᠷᠯᠡᠯ ᠢᠶᠠᠨ ᠪᠠᠬᠢᠵᠢᠭᠦᠯᠵᠦ᠂ ᠤᠯᠤᠰ ᠲᠦᠷᠦ ᠶᠢᠨ ᠢᠲᠡᠭᠡᠯᠴᠡᠭᠡ ᠪᠠᠨ ᠨᠡᠮᠡᠭᠳᠡᠭᠦᠯᠵᠦ᠂ ᠪᠠᠶᠢᠯᠳᠤᠬᠤ ᠪᠣᠳᠣᠯᠭ᠎ᠠ ᠶᠢᠨ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠡᠯ᠎ᠡ ᠬᠦᠷᠢᠶᠡᠨ ᠤ ᠰᠣᠯᠢᠯᠴᠠᠭ᠎ᠠ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠲᠡᠦᠬᠡ ᠶᠢᠨ ᠭᠠᠯ ᠪᠠᠮᠪᠠᠷ ᠢᠶᠠᠷ ᠤᠷᠤᠭᠰᠢᠯᠠᠯᠲᠠ ᠶᠢᠨ ᠵᠠᠮ ᠢᠶᠠᠨ ᠭᠡᠷᠡᠯᠳᠦᠭᠦᠯᠵᠦ᠂ ᠳᠤᠮᠳᠠᠳᠤ ᠹᠷᠠᠨᠼᠢ ᠶᠢᠨ ᠬᠠᠷᠢᠯᠴᠠᠭ᠎ᠠ ᠶᠢᠨ ᠨᠡᠩ ᠰᠠᠶᠢᠨ ᠰᠠᠶᠢᠬᠠᠨ ᠢᠷᠡᠭᠡᠳᠦᠢ ᠶᠢ ᠴᠣᠭᠴᠠᠯᠠᠵᠤ᠂ ᠳᠡᠯᠡᠬᠡᠢ ᠶᠢᠨ ᠡᠩᠬᠡ ᠲᠠᠶᠢᠪᠤᠩ᠂ ᠲᠣᠭᠲᠠᠭᠤᠨ᠂ᠬᠥᠭᠵᠢᠯᠲᠡ ᠳᠤ ᠰᠢᠨ᠎ᠡ ᠬᠤᠪᠢ ᠨᠡᠮᠡᠷᠢ ᠦᠵᠡᠭᠦᠯᠭᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃     ᠲᠡᠷᠢᠭᠦᠯᠡᠭᠴᠢ ᠰᠢ ᠶᠢᠨ ᠫᠢᠩ ᠤᠨ ᠬᠠᠳᠤᠨ ᠫᠧᠩ ᠯᠢ ᠶᠤᠸᠠᠨ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠥᠪ ᠬᠤᠷᠢᠶ᠎ᠠ ᠶᠢᠨ ᠠᠯᠪᠠᠨ ᠲᠢᠩᠬᠢᠮ ᠤᠨ ᠡᠷᠭᠢᠯᠡᠭᠴᠢ ᠼᠠᠢ ᠴᠢ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ᠂ ᠭᠠᠳᠠᠭᠠᠳᠤ ᠶᠠᠪᠤᠳᠠᠯ ᠤᠨ ᠶᠠᠮᠤᠨ ᠤ ᠰᠠᠶᠢᠳ ᠸᠠᠩ ᠢ ᠵᠡᠷᠭᠡ ᠪᠠᠷ᠎ᠠ ᠪᠣᠯᠣᠭᠰᠠᠳ ᠨᠢᠰᠬᠡᠯ ᠢᠶᠠᠷ ᠬᠠᠮᠲᠤ ᠬᠦᠷᠴᠡᠢ᠃     ᠹᠷᠠᠨᠼᠢ ᠳᠤ ᠰᠠᠭᠤᠭ᠎ᠠ ᠳᠤᠮᠳᠠᠳᠤ ᠤᠯᠤᠰ ᠤᠨ ᠡᠯᠴᠢᠨ ᠰᠠᠶᠢᠳ ᠯᠦ ᠱᠠ ᠶᠧ ᠪᠠᠰᠠ ᠨᠢᠰᠬᠡᠯ ᠤᠨ ᠪᠠᠭᠤᠳᠠᠯ ᠳᠤ ᠬᠦᠷᠴᠦ ᠤᠭᠲᠤᠪᠠ᠃ ᠰᠢ ᠶᠢᠨ ᠫᠢᠩ ᠮᠠᠰᠢᠨ ᠲᠡᠷᠭᠡᠨ ᠳᠤ ᠰᠠᠭᠤᠵᠤ ᠨᠢᠰᠬᠡᠯ ᠤᠨ ᠪᠠᠭᠤᠳᠠᠯ ᠠᠴᠠ ᠪᠠᠭᠤᠳᠠᠯᠯᠠᠭᠰᠠᠨ ᠵᠣᠴᠢᠳ ᠤᠨ ᠪᠠᠭᠤᠳᠠᠯ ᠵᠦᠭ ᠶᠠᠪᠤᠬᠤ ᠵᠠᠮ ᠵᠠᠭᠤᠷ᠎ᠠ ᠳᠤᠮᠳᠠᠳᠤ ᠶᠢᠨ ᠬᠠᠷᠢᠶᠠᠲᠤ ᠪᠣᠯᠣᠨ ᠳᠤᠮᠳᠠᠳᠤ ᠤᠯᠤᠰ ᠤᠨ ᠭᠠᠳᠠᠭᠠᠳᠤ ᠳᠤ ᠰᠤᠷᠤᠯᠴᠠᠵᠤ ᠪᠠᠶᠢᠭ᠎ᠠ ᠰᠤᠷᠤᠬᠴᠢᠳ ᠰᠠᠨᠠᠭᠠᠴᠢᠯᠠᠭ᠎ᠠ ᠠᠴᠠ ᠪᠠᠨ ᠵᠠᠮ ᠤᠨ ᠬᠤᠶᠠᠷ ᠬᠠᠵᠠᠭᠤ ᠪᠠᠷ ᠵᠣᠭᠰᠣᠨ ᠬᠦᠯᠢᠶᠡᠵᠦ᠂ ︽ᠳᠤᠮᠳᠠᠳᠤ ᠹᠷᠠᠨᠼᠢ ᠶᠢᠨ ᠨᠥᠬᠦᠷᠯᠡᠯ ᠮᠠᠨᠳᠤᠲᠤᠭᠠᠢ︕︾᠂ ︽ᠲᠡᠷᠢᠭᠦᠯᠡᠭᠴᠢ ᠰᠢ ᠶᠢᠨ ᠫᠢᠩ ᠤᠨ ᠹᠷᠠᠨᠼᠢ ᠳᠤ ᠠᠶᠢᠯᠴᠢᠯᠠᠵᠤ ᠲᠡᠭᠦᠰ ᠠᠮᠵᠢᠯᠲᠠ ᠣᠯᠬᠤ ᠶᠢ ᠬᠦᠰᠡᠨ ᠵᠥᠩᠨᠡᠶ᠎ᠡ︕︾ ᠵᠡᠷᠭᠡ ᠤᠯᠠᠭᠠᠨ ᠬᠥᠨᠳᠡᠯᠡᠨ ᠪᠢᠴᠢᠭᠡᠰᠦ ᠶᠢ ᠥᠨᠳᠥᠷ ᠡᠷᠭᠦᠵᠦ᠂ ᠳᠤᠮᠳᠠᠳᠤ ᠹᠷᠠᠨᠼᠢ ᠬᠤᠶᠠᠷ ᠤᠯᠤᠰ ᠤᠨ ᠤᠯᠤᠰ ᠤᠨ ᠲᠤᠭ ᠢ ᠬᠤᠷᠦ᠋ᠢᠯᠠᠵᠤ᠂ ᠬᠠᠷᠠᠩᠭ᠎ᠠ ᠬᠡᠩᠭᠡᠷᠭᠡ ᠳᠡᠯᠡᠳᠴᠦ᠂ ᠯᠣᠣ ᠠᠷᠰᠯᠠᠨ ᠲᠣᠭᠯᠠᠭᠤᠯᠵᠤ᠂ ᠲᠡᠷᠢᠭᠦᠯᠡᠭᠴᠢ ᠰᠢ ᠶᠢᠨ ᠫᠢᠩ ᠤᠨ ᠠᠶᠢᠯᠴᠢᠯᠠᠷ᠎ᠠ ᠢᠷᠡᠭᠰᠡᠨ ᠢ ᠬᠠᠯᠠᠭᠤᠨ ᠢᠶᠠᠷ ᠤᠭᠲᠤᠪᠠ᠃ 
 
ᠢᠷᠡᠯᠲᠡ᠄ ᠥᠪᠦᠷ ᠮᠣᠩᠭᠤᠯ ᠤᠨ ᠥᠪᠡᠷᠲᠡᠭᠡᠨ ᠵᠠᠰᠠᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠎ ᠤ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号