| ᠰᠢᠯᠤᠭᠤᠨ ᠬᠥᠬᠡ ᠬᠤᠰᠢᠭᠤᠨ ᠤ ᠠᠮᠢ ᠠᠬᠤᠶ ᠶᠢᠨ ᠡᠬᠢ ᠪᠠᠶᠠᠯᠢᠭ ᠤᠨ ᠳᠠᠪᠠᠭᠤᠯᠢᠭ ᠢ ᠭᠦᠶᠴᠡᠳ | ᠪᠠᠳᠠᠷᠠᠭᠤᠯᠵᠤ᠂ ᠡᠷᠡᠭᠦᠯᠵᠢᠯ ᠰᠤᠪᠢᠯᠠᠯᠲᠠ ᠶᠢᠨ ᠵᠢᠭᠤᠯᠴᠢᠯᠠᠯ ᠤᠨ ᠠᠵᠤ ᠦᠶᠯᠡᠰ ᠤᠨ ᠬᠥᠭᠵᠢᠯᠲᠡ ᠶᠢ ᠤᠯᠠᠮ ᠨᠢᠭᠡ | ᠠᠯᠬᠤᠮ ᠠᠬᠢᠭᠤᠯᠬᠤ ᠶᠢᠨ ᠲᠤᠰᠠᠳᠠ᠂ ᠰᠢᠯᠤᠭᠤᠨ ᠬᠥᠬᠡ ᠬᠤᠰᠢᠭᠤᠨ ᠤ ︽5.1︾ ᠡᠷᠡᠭᠦᠯᠵᠢᠯ ᠰᠤᠪᠢᠯᠠᠯᠲᠠ | ᠶᠢᠨ ᠵᠢᠭᠤᠯᠴᠢᠯᠠᠯ ᠤᠨ ᠭᠠᠷᠠᠭ ᠤᠨ ᠠᠵᠢᠯᠯᠠᠭᠠᠨ ᠤ ᠨᠢᠭᠡ ᠪᠤᠯᠬᠤ ᠬᠤᠯᠠᠨ ᠰᠢᠷᠭ᠎ᠠ ᠲᠠᠭ᠎ᠠ ᠡᠷᠡᠭᠦᠯ ᠮᠡᠨᠳᠦ ᠶᠢᠨ | ᠶᠠᠪᠠᠭᠠᠨ ᠠᠶᠠᠯᠠᠯ 5 ᠰᠠᠷ᠎ᠠ ᠶᠢᠨ 1 ᠤ ᠡᠳᠦᠷ ᠰᠢᠯᠤᠭᠤᠨ ᠬᠥᠬᠡ ᠬᠤᠰᠢᠭᠤᠨ ᠤ ᠠᠮᠢ ᠠᠬᠤᠶ ᠶᠢᠨ ᠬᠦᠷᠢᠶᠡᠯᠡᠩ | ᠳᠤ ᠶᠠᠪᠤᠭᠳᠠᠯ᠎ᠠ᠃ | ᠦᠳᠡ ᠶᠢᠨ ᠬᠤᠶᠢᠨᠠᠬᠢ 2 ᠴᠠᠭ ᠬᠠᠭᠠᠰ ᠲᠤ᠂ ᠪᠥᠬᠦ ᠤᠯᠤᠰ ᠤᠨ ᠡᠯ᠎ᠡ ᠭᠠᠵᠠᠷ ᠠᠴᠠ ᠢᠷᠡᠭᠰᠡᠨ ᠮᠢᠩᠭ᠎ᠠ | ᠭᠠᠷᠤᠶ ᠶᠠᠪᠠᠭᠠᠨ ᠠᠶᠠᠯᠠᠯ ᠳᠤ ᠪᠠᠭ᠋ᠠᠲᠠᠶ ᠬᠥᠮᠦᠰ ᠨᠠᠭᠤᠨᠪᠢᠯᠢᠭ᠌ ᠪᠠᠭᠰᠢ ᠶᠢᠨ ᠳᠠᠭᠠᠭᠤᠯᠭ᠎ᠠ ᠪᠠᠷ ᠠᠮᠢ ᠠᠬᠤᠶ ᠶᠢᠨ | ᠬᠦᠷᠢᠶᠡᠯᠡᠩ ᠠᠴᠠ ᠡᠬᠢᠯᠡᠨ 5 ᠺᠢᠯᠣᠮᠧᠲᠷ ᠶᠠᠪᠠᠭᠠᠨ ᠠᠯᠬᠤᠭᠰᠠᠨ ᠪᠠᠶᠢᠨ᠎ᠠ᠃ | ᠤᠯᠠᠭᠠᠨᠴᠠᠪ ᠬᠤᠳᠠ ᠠᠴᠠ ᠬᠦᠷᠦᠯᠴᠡᠨ ᠢᠷᠡᠭᠰᠡᠨ ᠶᠠᠪᠠᠭᠠᠨ ᠠᠶᠠᠯᠠᠯ ᠤᠨ ᠪᠠᠭ᠋ᠠᠳᠠᠨ ᠬᠡᠯᠡᠬᠦ ᠳᠡᠭᠡᠨ᠄ ︽ᠪᠢ | ᠠᠩᠬ᠎ᠠ ᠤᠳᠠᠭ᠎ᠠ ᠰᠢᠯᠤᠭᠤᠨ ᠬᠥᠬᠡ ᠬᠤᠰᠢᠭᠤᠨ ᠳᠤ ᠢᠷᠡᠵᠦ ᠪᠠᠶᠢᠨ᠎ᠠ᠂ ᠠᠳᠡᠬᠢ ᠦᠵᠡᠮᠵᠢ ᠭᠤᠶᠤ ᠮᠦᠷᠳᠡᠭᠡᠨ | ᠪᠥᠬᠡ ᠪᠠᠷᠢᠯᠳᠤᠬᠤ᠂ ᠰᠤᠷ ᠬᠠᠷᠪᠤᠬᠤ᠂ ᠱᠠᠭ᠎ᠠ ᠨᠠᠭᠠᠳᠬᠤ ᠵᠡᠷᠭᠡ ᠲᠠᠮᠢᠷ ᠤᠨ ᠬᠥᠳᠡᠯᠭᠡᠭᠡᠨ ᠢ ᠦᠵᠡᠭᠡᠳ ᠮᠠᠰᠢ | ᠭᠤᠶᠤ ᠰᠠᠨᠠᠭᠳᠠᠭᠰᠠᠨ︾ ᠭᠡᠯᠡ᠃ | ᠱᠠᠨᠳᠦ᠋ᠩ ᠮᠤᠵᠢ ᠠᠴᠠ ᠬᠦᠷᠦᠯᠴᠡᠨ ᠢᠷᠡᠭᠰᠡᠨ ᠶᠠᠪᠠᠭᠠᠨ ᠠᠶᠠᠯᠠᠯ ᠤᠨ ᠪᠠᠭ᠋ᠠᠳᠠᠨ ᠬᠡᠯᠡᠬᠦ ᠳᠡᠭᠡᠨ᠄ ︽ᠠᠩᠬ᠎ᠠ | ᠤᠳᠠᠭ᠎ᠠ 5 ᠺᠢᠯᠤᠮᠧᠲᠷ ᠠᠯᠬᠤᠬᠤ ᠠᠵᠢᠯᠯᠠᠭ᠎ᠠ ᠳᠤ ᠤᠷᠤᠯᠴᠠᠭᠠᠳ ᠲᠤᠩ ᠪᠠᠶᠠᠷᠯᠠᠵᠤ ᠪᠠᠶᠢᠨ᠎ᠠ᠂ ᠡᠨᠡ ᠤᠳᠠᠭ᠎ᠠ | ᠪᠠᠰᠠ ᠱᠠᠭ᠎ᠠ ᠨᠠᠭᠠᠳᠬᠤ᠂ ᠴᠠᠭᠠᠨ ᠢᠳᠡᠭᠡ ᠠᠮᠲᠠᠯᠠᠬᠤ ᠠᠵᠢᠯᠯᠠᠭ᠎ᠠ ᠳᠤ ᠤᠷᠤᠯᠴᠠᠭᠰᠠᠨ᠂ ᠰᠢᠯᠤᠭᠤᠨ ᠬᠦᠬᠡ | ᠬᠤᠰᠢᠭᠤᠨ ᠤ ᠡᠯ᠎ᠡ ᠵᠦᠢᠯ ᠤᠨ ᠠᠮᠲᠠᠲᠤ ᠢᠳᠡᠭᠡᠨ ᠦᠨᠡᠭᠡᠷ ᠮᠠᠷᠲᠠᠭᠳᠠᠰᠢ ᠦᠭᠡᠢ︾ ᠭᠡᠯᠡ᠃ | ᠶᠠᠪᠠᠭᠠᠨ ᠠᠶᠠᠯᠠᠬᠤ ᠠᠵᠢᠯᠯᠠᠭ᠎ᠠ ᠨᠢ ᠣᠯᠠᠨ ᠲᠦᠮᠡᠨ ᠤ ᠲᠡᠰᠪᠦᠷᠢ ᠲᠡᠪᠴᠢᠶᠡᠷᠢ ᠪᠠ ᠵᠣᠷᠢᠭ ᠰᠥᠰᠥ ᠶᠢ ᠳᠠᠪᠲᠠᠨ | ᠪᠣᠯᠪᠠᠰᠤᠷᠠᠭᠤᠯᠤᠭᠰᠠᠨ ᠢᠶᠠᠷ ᠪᠠᠷᠠᠬᠤ ᠥᠬᠡᠶ᠂ ᠥᠷᠭᠡᠨ ᠣᠯᠠᠨ ᠲᠦᠮᠡᠨ ᠤ ᠪᠠᠶᠠᠰᠤᠩᠭᠤᠶ ᠥᠭᠡᠳᠡᠷᠬᠡᠭ᠂ | ᠢᠳᠡᠪᠬᠢᠲᠡᠶ ᠤᠷᠤᠭᠰᠢᠯᠠᠨ ᠳᠠᠪᠰᠢᠬᠤ᠂ ᠪᠦᠯᠬᠦᠮᠳᠡᠨ ᠨᠥᠬᠦᠷᠰᠡᠭ ᠪᠠᠶᠢᠬᠤ ᠰᠠᠶᠢᠨ ᠰᠠᠶᠢᠬᠠᠨ ᠳᠦᠷᠰᠦ ᠪᠠᠶᠢᠳᠠᠯ ᠢ | ᠭᠦᠶᠴᠡᠳ ᠢᠯᠡᠷᠡᠭᠦᠯᠦᠨ ᠰᠢᠯᠤᠭᠤᠨ ᠬᠥᠬᠡ ᠬᠤᠰᠢᠭᠤᠨ ᠤ ᠳᠦᠷᠢ ᠲᠥᠷᠬᠦ ᠪᠠ ᠨᠡᠷ᠎ᠡ ᠠᠯᠳᠠᠷᠰᠢᠯ ᠢ ᠪᠥᠬᠦ ᠲᠠᠯ᠎ᠠ | ᠪᠠᠷ ᠳᠡᠭᠡᠭᠰᠢᠯᠡᠭᠦᠯᠵᠦ᠂ ᠪᠥᠬᠦ ᠬᠤᠰᠢᠭᠤᠨ ᠤ ᠵᠢᠭᠤᠯᠴᠢᠯᠠᠯ ᠤᠨ ᠦᠶᠯᠡᠰ ᠤᠨ ᠬᠥᠭᠵᠢᠯᠲᠡ ᠶᠢ ᠠᠬᠢᠭᠤᠯᠤᠭᠰᠠᠨ | ᠪᠠᠶᠢᠨ᠎ᠠ᠃ | |