ᠴᠠᠭᠠᠠᠤᠪᠤᠭ᠎ᠠ ᠭᠠᠴᠠᠭ᠎ᠠ ᠰᠤᠶᠤᠯ ᠲᠠᠮᠢᠷ ᠤᠨ ᠠᠵᠢᠯᠯᠠᠭ᠎ᠠ ᠦᠷᠨᠢᠬᠦᠯᠦᠯ᠎ᠡ
ᠨᠡᠶᠢᠲᠡᠯᠡᠭᠰᠡᠨ ᠴᠠᠭ᠄
2024/5/7
                         ᠴᠢᠮᠡᠭᠡᠯᠡᠭᠴᠢ ᠳ᠋᠊ ᠰᠡᠴᠡᠨᠪᠠᠳᠤ      ᠵᠢᠯ ᠵᠢᠯ ᠳᠡᠭᠡᠨ ᠪᠤᠰᠤ ᠵᠢᠷᠠᠨ ᠵᠢᠯ ᠳᠡᠭᠡᠨ ᠭᠠᠭᠴᠠ ᠲᠤᠬᠢᠶᠠᠯᠳᠤᠭᠰᠠᠨ ᠬᠦᠬᠡ ᠯᠤᠤ ᠵᠢᠯ ᠤᠨ ᠬᠠᠪᠤᠷ ᠭᠡᠵᠦ ᠶᠤᠰᠤᠳᠠᠢ ᠬᠤᠯᠠᠨ ᠰᠢᠷᠭ᠎ᠠ ᠳᠠᠭ᠎ᠠ ᠶᠢᠨ ᠡᠯᠡᠰᠦᠨ ᠨᠤᠳᠤᠭ ᠲᠤ ᠬᠤᠷ᠎ᠠ ᠲᠤᠨᠤᠳᠠᠰᠤ ᠡᠯᠪᠡᠭ ᠳᠡᠯᠪᠡᠭ᠂ ᠬᠦᠮᠦᠨ ᠠᠷᠠᠳ ᠨᠢ ᠰᠡᠳᠬᠢᠯ ᠳᠡᠨᠢᠬᠦᠨ ᠮᠠᠩᠨᠠᠢ ᠳᠡᠨᠢᠢᠯᠭᠡᠭᠰᠡᠨ ᠡᠯᠪᠡᠭ ᠬᠤᠷᠢᠶᠠᠯᠳᠠ ᠲᠠᠢ ᠰᠠᠶᠢᠬᠠᠨ ᠵᠢᠯ ᠪᠤᠯᠬᠤ ᠶᠢᠨ ᠪᠡᠯᠭᠡ ᠳᠡᠮᠳᠡᠭ ᠢᠯᠡᠭᠡᠨ ᠪᠠᠶᠢᠨ᠎ᠠ᠃ ᠨᠠᠷᠠ ᠬᠤᠷ᠎ᠠ ᠨᠢ ᠳᠡᠩᠴᠡᠵᠦ᠂ ᠨᠠᠪᠴᠢ ᠨᠤᠭᠤᠭ᠎ᠠ ᠨᠢ ᠰᠤᠶᠤᠭᠠᠯᠠᠭᠰᠠᠨ ᠨᠠᠯᠠᠭᠠᠷ ᠰᠠᠶᠢᠬᠠᠨ ᠳᠠᠪᠤᠳᠤᠭᠠᠷ ᠰᠠᠷ᠎ᠠ ᠶᠢᠨ ᠠᠮᠠᠷᠠᠯᠳᠠ ᠶᠢ ᠲᠤᠬᠢᠶᠠᠯᠳᠤᠭᠤᠯᠤᠨ ᠰᠠᠶᠢᠨᠬᠤᠳᠳᠤᠭ ᠰᠤᠮᠤᠨ ᠤ ᠴᠠᠭᠠᠠᠤᠪᠤᠭ᠎ᠠ ᠭᠠᠴᠠᠭ᠎ᠠ ᠪᠠᠶᠠᠷ ᠤᠨ ᠡᠳᠦᠷ ᠢᠶᠠᠨ ᠲᠤᠷᠠᠰᠬᠠᠨ ᠪᠡᠯᠭᠡᠯᠡᠬᠦ ᠪᠠᠶᠠᠯᠢᠭ ᠠᠭᠤᠯᠭ᠎ᠠ ᠪᠦᠬᠦᠢ ᠰᠤᠶᠤᠯ ᠲᠠᠮᠢᠷ ᠤᠨ ᠠᠵᠢᠯᠯᠠᠭ᠎ᠠ ᠦᠷᠨᠢᠬᠦᠯᠦᠯ᠎ᠡ᠃      ᠭᠠᠴᠠᠭᠠᠨ ᠤ ᠨᠠᠮ ᠤᠨ ᠡᠭᠦᠷ ᠠᠴᠠ ᠭᠤᠤᠯᠴᠢᠯᠠᠨ ᠡᠷᠬᠢᠯᠡᠭᠰᠡᠨ ᠲᠤᠰ ᠤᠳᠠᠭᠠᠨ ᠤ ᠠᠵᠢᠯᠯᠠᠭ᠎ᠠ ᠨᠢ ︽3.8︾᠎ ᠤ ᠳᠡᠯᠡᠭᠡᠢ ᠶᠢᠨ ᠡᠮᠡᠭᠳᠡᠶᠢᠴᠣᠳ ᠤᠨ ᠪᠠᠶᠠᠷ᠂ ︽5.1︾᠎ ᠤ ᠬᠦᠳᠡᠯᠮᠦᠷᠢᠴᠢᠳ ᠤᠨ ᠪᠠᠶᠠᠷ᠂ ︽5.4︾᠎ ᠤ ᠵᠠᠯᠠᠭᠤᠴᠤᠳ ᠤᠨ ᠪᠠᠶᠠᠷ ᠢ ᠬᠠᠮᠳᠤᠷᠠᠭᠤᠯᠤᠭᠰᠠᠨ ᠨᠢᠭᠡᠨ ᠤᠳᠠᠭᠠᠨ ᠤ ᠬᠦᠳᠦᠯᠪᠤᠷᠢ ᠠᠵᠢᠯᠯᠠᠭ᠎ᠠ ᠪᠠᠶᠢᠵᠦ᠂ ᠡᠩ ᠳᠡᠷᠢᠭᠦᠨ ᠳᠤ ︽3.8︾ ᠤᠯᠠᠭᠠᠨ ᠳᠤᠭᠴᠢ᠂ ᠬᠦᠳᠡᠯᠮᠦᠷᠢ ᠶᠢᠨ ᠵᠢᠱᠢᠶᠡᠴᠢ᠂ ᠳᠡᠷᠢᠭᠦᠨ ᠤ ᠰᠠᠶᠢᠨ ᠳᠤᠷᠠᠴᠤᠤᠯ ᠵᠠᠯᠠᠭᠤᠰ ᠢᠶᠠᠨ ᠱᠠᠩᠨᠠᠨ ᠬᠦᠬᠢᠬᠦᠯᠦᠭᠰᠡᠨ ᠪᠦᠭᠡᠳ 32 ᠢᠳᠡᠷ ᠵᠠᠯᠠᠭᠤ ᠪᠦᠭᠡ᠂ ᠬᠡᠦᠬᠡᠳ ᠤᠨ ᠪᠦᠭᠡ᠂ ᠬᠤᠷᠳᠤᠨ ᠮᠤᠷᠢᠨ ᠤ ᠤᠷᠤᠯᠳᠤᠭᠠᠨ᠂ ᠳᠡᠭᠡᠰᠦ ᠳᠠᠳᠠᠬᠤ᠂ ᠭᠦᠵᠦᠷ᠂ ᠱᠠᠭ᠎ᠠ ᠲᠤᠭᠯᠠᠬᠤ᠂ ᠭᠦᠶᠦᠬᠦ ᠵᠡᠷᠭᠡ ᠤᠷᠤᠯᠳᠤᠭᠠᠨ ᠢ ᠶᠠᠪᠤᠭᠳᠠᠭᠤᠯᠵᠤ᠂ ᠤᠯᠠᠨ ᠢᠶᠠᠷ ᠢᠶᠠᠨ ᠪᠠᠶᠠᠷ ᠤᠨ ᠡᠳᠦᠷ ᠢᠶᠠᠨ ᠬᠠᠮᠳᠤ ᠳᠠᠭᠠᠨ ᠪᠡᠯᠭᠡᠯᠡᠭᠰᠡᠨ ᠪᠠᠶᠢᠨ᠎ᠠ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号