ᠰᠢᠯᠤᠭᠤᠨ ᠬᠥᠬᠡ ᠬᠤᠰᠢᠭᠤᠨ ᠤ ᠪᠣᠱᠣᠣᠳᠠᠢ ᠰᠣᠮᠣᠨ ᠤ ᠬᠠᠯᠠᠭᠠᠶᠢᠲᠤ ᠭᠠᠴᠠᠭ᠎ᠠ ᠮᠠᠯᠴᠢᠳ ᠤᠨ ᠰᠣᠶᠣᠯ  ᠲᠠᠮᠢᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/5/7
       ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ  ᠴᠣᠭᠴᠠᠯᠠᠵᠤ᠂ ᠮᠠᠯᠴᠢᠨ ᠲᠦᠮᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠲᠣᠰᠠᠳᠠ᠂ 5 ᠰᠠᠷ᠎ᠠ ᠶᠢᠨ 5᠎ ᠤ ᠡᠳᠦᠷ ᠰᠢᠯᠤᠭᠤᠨ ᠬᠥᠬᠡ ᠬᠤᠰᠢᠭᠤᠨ ᠤ ᠪᠣᠱᠣᠣᠳᠠᠢ ᠰᠣᠮᠣᠨ ᠤ ᠬᠠᠯᠠᠭᠠᠢᠢᠳᠤ ᠭᠠᠴᠠᠭ᠎ᠠ ︽5.1︾᠎ ᠤ ᠬᠥᠳᠡᠯᠮᠦᠷᠢᠴᠢᠳ ᠤᠨ ᠪᠠᠶᠠᠷ᠂ ︽5.4︾᠎ ᠤ ᠵᠠᠯᠠᠭᠤᠴᠤᠳ ᠤᠨ ᠪᠠᠶᠠᠷ ᠢ ᠪᠡᠯᠭᠡᠯᠡᠬᠦ ᠮᠠᠯᠴᠢᠳ ᠤᠨ ᠰᠣᠶᠣᠯ ᠲᠠᠮᠢᠷ ᠤᠨ ᠠᠵᠢᠯᠯᠠᠭ᠎ᠠ ᠥᠷᠨᠢᠭᠦᠯᠪᠡ᠃   ᠠᠵᠢᠯᠯᠠᠭ᠎ᠠ ᠨᠢ ᠮᠣᠷᠢ ᠤᠷᠤᠯᠳᠤᠬᠤ᠂ ᠪᠦᠬᠡ ᠪᠠᠷᠢᠯᠳᠤᠬᠤ᠂ ᠱᠠᠭ᠎ᠠ ᠲᠣᠠᠠᠯᠠᠬᠤ᠂ ᠳᠡᠭᠡᠰᠦ ᠲᠠᠲᠠᠬᠤ ᠵᠡᠷᠭᠡ‌ᠤᠯᠠᠨ‌ᠠᠭᠤᠯᠭ᠎ᠠ ᠪᠠᠷ ᠶᠠᠪᠤᠠᠠᠳᠠᠨ᠂ ᠮᠠᠯᠴᠢᠳ‌ᠢᠳᠡᠪᠬᠢᠲᠡᠢ  ᠤᠷᠤᠯᠴᠠᠵᠠᠢ᠃ ᠪᠤᠱᠤᠤᠳᠠᠶ ᠰᠤᠮᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠠᠴᠠ ᠪᠠᠰᠠ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠵᠦ ᠲᠤᠬᠠᠶ ᠶᠢᠨ ᠲᠠᠯᠠᠪᠠᠶ ᠶᠢᠨ ᠮᠠᠯᠴᠢᠨ ᠲᠦᠮᠡᠨ ᠳᠤ ᠪᠡᠶ᠎ᠠ ᠶᠢᠨ ᠪᠠᠶᠢᠴᠠᠭᠠᠯᠳᠠ  ᠬᠢᠭᠰᠡᠨ ᠤ ᠬᠠᠮᠲᠤ ᠮᠠᠯᠵᠢᠬᠤ ᠣᠷᠣᠨ ᠤ ᠦᠷᠭᠦᠯᠵᠢ ᠲᠣᠬᠢᠶᠠᠯᠳᠤᠳᠠᠭ ᠡᠪᠡᠳᠴᠢᠨ ᠡᠮᠬᠡᠭ ᠢ ᠰᠡᠷᠭᠡᠶᠢᠯᠡᠨ ᠵᠠᠰᠠᠬᠤ ᠂ ᠡᠮ ᠬᠡᠷᠡᠭᠯᠡᠬᠦ   ᠵᠡᠷᠭᠡ ᠡᠷᠡᠭᠦᠯ ᠮᠡᠨᠳᠦ ᠎ ᠶᠢᠨ ᠲᠤᠬᠠᠢ ᠮᠡᠳᠡᠯᠭᠡ  ᠶᠢ ᠤᠬᠠᠭᠤᠯᠥᠨ ᠡᠮ ᠡᠮᠨᠡᠯᠭᠡ ᠡᠷᠡᠭᠦᠯ ᠮᠡᠨᠳᠦ ᠶᠢᠨ ᠦᠶᠯᠡᠴᠢᠯᠡᠭᠡ ᠬᠦᠷᠳᠡᠬᠡᠵᠡᠢ᠃    ᠲᠣᠰ ᠤᠳᠠᠭᠠᠨ ᠤ ᠠᠵᠢᠯᠯᠠᠭ᠎ᠠ ᠎ ᠨᠢ ᠬᠠᠯᠠᠭᠠᠶᠢᠲᠤ ᠭᠠᠴᠠᠭᠠᠨ ᠤ ᠣᠯᠠᠨ ᠲᠦᠮᠡᠨ ᠤ ᠰᠠᠶᠢᠨ ᠰᠠᠶᠢᠬᠠᠨ ᠣᠶᠤᠨ ᠰᠠᠨᠠᠭᠠᠨ ᠤ ᠳᠦᠷᠰᠦ ᠪᠠᠶᠢᠳᠠᠯ ᠢ ᠭᠦᠶᠴᠡᠳ ᠢᠯᠡᠷᠡᠭᠦᠯᠵᠦ᠂ ᠭᠠᠴᠠᠭᠠᠨ ᠤ ᠮᠠᠯᠴᠢᠨ ᠲᠦᠮᠡᠨ ᠤ ᠣᠶᠤᠨ ᠤ ᠠᠮᠢᠳᠤᠷᠠᠯ ᠢ ᠪᠠᠶᠠᠯᠢᠠᠠᠵᠢᠭᠤᠯᠥᠨ᠂ ᠥᠷᠭᠡᠨ ᠣᠯᠠᠨ ᠮᠠᠯᠴᠢᠨ ᠲᠦᠮᠡᠨ ᠤ ︽ᠨᠠᠮ ᠤᠨ ᠠᠴᠢ ᠳᠤ ᠲᠠᠯᠠᠷᠬᠠᠬᠤ᠂ ᠨᠠᠮ ᠎ ᠤᠨ ᠦᠭᠡ ᠶᠢ ᠰᠣᠨᠣᠰᠬᠤ᠂ ᠨᠠᠮ ᠢᠶᠠᠨ ᠎ ᠲᠠᠭᠠᠨ︾  ᠤᠷᠤᠠᠠᠰᠢᠯᠠᠬᠤ ᠶᠢ  ᠬᠥᠲᠥᠯᠥᠨ ᠵᠢᠯᠣᠭᠤᠳᠴᠤ᠂ ᠭᠠᠴᠠᠭᠠᠨ ᠎ ᠤ ᠮᠠᠯᠴᠢᠨ ᠲᠦᠮᠡᠨ ᠤ ᠪᠦᠯᠬᠦᠮᠳᠡᠯ  ᠨᠢᠭᠲᠠᠷᠠᠯ ᠤᠨ ᠬᠦᠴᠦᠨ ᠢ  ᠴᠢᠩᠭᠠᠳᠬᠠᠠᠠᠰᠠᠨ ᠪᠠᠶᠢᠨ᠎ᠠ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号