2024 ᠣᠨ ᠤ ᠬᠠᠪᠢᠷᠭ᠎ᠠ ᠪᠠᠯᠭᠠᠰᠤᠨ ᠤ ᠴᠤᠤᠶᠠᠩ ᠲᠣᠰᠬᠤᠨ ᠤ ᠭᠤᠷᠪᠠᠳᠤᠭᠠᠷ ᠬᠤᠭᠤᠴᠠᠭᠠᠨ ᠤ ᠬᠦᠢᠯᠡᠰᠦᠨ ᠴᠡᠴᠡᠭ ᠤᠨ  ᠵᠣᠭᠠᠴᠠᠯ ᠎ ᠤᠨ ᠨᠠᠶᠢᠷ  ᠶᠠᠪᠤᠠᠠᠳᠠᠪᠠ
ᠨᠡᠶᠢᠲᠡᠯᠡᠭᠰᠡᠨ ᠴᠠᠭ᠄
2024/5/7
        ᠰᠢᠯᠤᠭᠤᠨ ᠬᠥᠬᠡ ᠬᠤᠰᠢᠭᠤᠨ ᠤ ᠬᠠᠪᠢᠷᠭ᠎ᠠ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠂ ᠰᠢᠯᠤᠭᠤᠨ ᠬᠥᠬᠡ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠠᠴᠠ ᠭᠤᠤᠯᠯᠠᠨ ᠡᠷᠭᠢᠯᠡᠭᠰᠡᠨ 2024 ᠣᠨ ᠤ ᠬᠠᠪᠢᠷᠭ᠎ᠠ ᠪᠠᠯᠭᠠᠰᠤᠨ ᠤ ᠴᠤᠤᠶᠠᠩ ᠲᠣᠰᠬᠤᠨ ᠤ ᠭᠤᠷᠪᠠᠳᠤᠭᠠᠷ ᠬᠤᠭᠤᠴᠠᠭᠠᠨ ᠤ ᠬᠦᠶᠯᠡᠰᠦᠨ ᠴᠡᠴᠡᠭ ᠤᠨ  ᠵᠣᠭᠠᠴᠠᠯ ᠤᠨ ᠨᠠᠶᠢᠷ 5 ᠳ᠋ᠤᠭᠠᠷ ᠰᠠᠷ᠎ᠠ ᠶᠢᠨ 6᠎ ᠤ ᠡᠳᠦᠷ  ᠬᠥᠭᠵᠢᠶᠡᠨᠲᠡᠢ ᠶᠠᠪᠤᠠᠠᠳᠠᠯ᠎ᠠ᠃     ᠬᠤᠰᠢᠭᠤ ᠨᠠᠮ ᠤᠨ ᠬᠤᠷᠢᠶᠠᠨ ᠤ ᠱᠦᠵᠢ ᠯᠢ ᠪᠥᠸᠧ ᠹᠧᠩ᠂  ᠬᠤᠰᠢᠭᠤ ᠠᠷᠠᠳ ᠤᠨ ᠲᠥᠯᠥᠭᠡᠯᠡᠭᠴᠢᠳ ᠎ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠰᠣᠶᠣᠯᠲᠤ᠂ ᠥᠪᠥᠷ ᠮᠣᠩᠭᠤᠯ ᠤᠨ ᠱᠠᠩᠳᠤ ᠴᠠᠬᠢᠯᠭᠠᠨ ᠭᠠᠷᠭᠠᠬᠤ ᠺᠣᠮᠫᠠᠨᠢ ᠶᠢᠨ ᠨᠠᠮ ᠤᠨ ᠬᠤᠷᠢᠶᠠᠨ ᠤ ᠱᠦᠵᠢ᠂ ᠳᠡᠳ᠋ ᠶᠡᠷᠦᠩᠬᠡᠶ ᠳᠠᠭᠠᠭᠠᠮᠠᠯ ᠵᠣᠣ ᠹᠧᠶ ᠵᠢᠶᠦ᠋ᠨ᠂  ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ  ᠡᠷᠬᠢᠮ᠂  ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠯᠤᠰ ᠲᠥᠷᠥ ᠬᠠᠤᠯᠢ ᠴᠠᠭᠠᠵᠠ ᠶᠢᠨ  ᠵᠥᠪᠯᠡᠯ ᠤᠨ ᠱᠦᠵᠢ ᠦᠨᠡᠨᠰᠠᠶᠢᠨ᠂ ᠵᠠᠰᠠᠭ ᠤᠨ ᠣᠷᠳᠣᠨ ᠤ ᠳᠡᠳ᠋ ᠳᠠᠷᠤᠭ᠎ᠠ‌ᠯᠢᠦᠶ ᠡᠾᠦ᠋ᠢ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠼᠦᠢ ᠮᠢᠩ ᠬᠤᠸᠠ ᠡᠬᠢᠯᠡᠯᠳᠠ ᠶᠢᠨ ᠶᠤᠰᠤᠯᠠᠯ ᠳᠤ ᠣᠷᠣᠯᠴᠠᠪᠠ᠃   ᠡᠬᠢᠯᠡᠯᠲᠡ ᠶᠢᠨ ᠶᠣᠰᠣᠯᠠᠯ ᠳᠡᠭᠡᠷ᠎ᠡ᠂ ᠬᠤᠰᠢᠭᠤ ᠤᠯᠠᠭᠠᠨᠮᠥ᠋ᠴᠢᠷ᠂ ᠪᠥᠵᠢᠭ ᠤᠨ ᠨᠡᠶᠢᠭᠡᠮᠯᠢᠭ ᠵᠢᠴᠢ ᠤᠯᠠᠨ ᠲᠦᠮᠡᠨ ᠠᠴᠠ ︽ᠪᠠᠶᠠᠰᠬᠤᠯᠠᠩᠲᠤ ᠬᠠᠪᠢᠷᠭ᠎ᠠ︾ ᠭᠤᠣᠯ ᠰᠡᠳᠦᠪᠲᠦ ᠤᠯᠠᠨ ᠲᠦᠮᠡᠨᠴᠢ ᠤᠷᠠᠨ ᠰᠠᠶᠢᠬᠠᠨ ᠤ ᠲᠣᠭᠯᠠᠯᠲᠠ ᠭᠠᠷᠭᠠᠵᠦ ᠂ ᠲᠣᠭᠯᠠᠯᠲᠠ ᠨᠢ  ︽ᠮᠣᠩᠭᠤᠯ ᠮᠣᠷᠢ︾ ᠭᠡᠬᠦ ᠳᠠᠭᠤᠤ ᠪᠠᠷ ᠬᠥᠰᠢᠭᠡ ᠪᠠᠨ ᠰᠡᠬᠦᠵᠦ᠂  ︽ᠡᠬᠡ ᠤᠯᠤᠰ  ᠲᠠᠭᠠᠨ︾᠂ ︽ᠲᠠᠯ᠎ᠠ ᠨᠤᠲᠤᠭ ᠲᠤ ᠮᠥᠩᠬᠡ ᠶᠢᠨ ᠨᠠᠷᠠ ᠮᠠᠨᠳᠤᠯ᠎ᠠ︾᠂  ︽ᠡᠵᠢ ᠪᠣᠯ ᠳᠤᠮᠳᠠᠳᠤ ᠤᠯᠤᠰ︾ ᠵᠡᠷᠭᠡ ᠭᠤᠴᠣ ᠰᠠᠶᠢᠬᠠᠨ ᠲᠣᠠᠠᠯᠠᠯᠳᠠ ᠨᠢ ᠦᠵᠡᠭᠴᠢᠳ ‍ᠤᠨ‌ᠬᠠᠷᠠᠭ᠎ᠠ ᠰᠣᠨᠣᠷ ᠢ ᠪᠠᠶᠠᠰᠬᠠᠨ ᠂ ᠲᠤᠬᠠᠢ ᠎ ᠶᠢᠨ ᠲᠠᠯᠠᠪᠠᠢ ᠶᠢᠨ ᠠᠭᠤᠷ ᠠᠮᠢᠰᠬᠤᠯ  ᠬᠦᠷ  ᠬᠦᠭᠵᠢᠶᠡᠨ ᠢᠶᠠᠷ  ᠪᠢᠯᠬᠠᠵᠤ ᠪᠠᠶᠢᠯ᠎ᠠ᠃    ᠲᠤᠰ ᠠᠵᠢᠯᠯᠠᠭ᠎ᠠ ᠪᠠᠷ᠂ ᠠᠷᠪᠠᠨ ᠭᠠᠵᠠᠷ ᠤᠨ ᠶᠠᠪᠠᠭᠠᠨ ᠠᠯᠬᠤᠬᠤ ᠪᠠ ᠳᠤᠭᠤᠶ ᠲᠡᠷᠭᠡ ᠤᠨᠤᠬᠤ ᠠᠵᠢᠯᠯᠠᠭ᠎ᠠ  ᠶᠠᠪᠤᠠᠠᠳᠠᠵᠤ᠂ 500 ᠭᠠᠷᠤᠢ ᠪᠡᠶ᠎ᠡ ᠴᠢᠭᠢᠷᠠᠭᠵᠢᠭᠤᠯᠬᠤ ᠪᠠᠭ᠋ᠠᠳᠠᠳ ᠣᠷᠣᠯᠴᠠᠵᠦ᠂ ᠬᠥᠮᠣᠰ ᠬᠡᠷᠡᠯ ᠵᠢᠷᠤᠭ ᠠᠪᠴᠤ ᠪᠠᠶᠠᠰᠣᠯᠳᠣ ᠴᠠᠭ ᠮᠥᠴᠠ ᠪᠠᠨ ᠲᠡᠮᠳᠡᠭᠯᠡᠨ᠎ᠠ᠃    ᠵᠤᠭᠠᠴᠠᠭᠴᠢ ᠸᠠᠩ ᠱᠤ᠋ ᠴᠢᠨ᠄  ︽ᠪᠢᠳᠡ ᠠᠳᠡ ᠢᠷᠡᠵᠦ ᠶᠠᠪᠠᠭᠠᠨ ᠠᠯᠬᠤᠬᠤ ᠬᠥᠳᠡᠯᠭᠡᠭᠡᠨ ᠳᠤ ᠣᠷᠣᠯᠴᠠᠭᠰᠠᠨ ᠳᠠᠭᠠᠨ ᠮᠠᠰᠢ ᠰᠡᠳᠬᠢᠯ ᠳᠣᠭᠳᠣᠯᠵᠤ ᠪᠠᠶᠢᠨ᠎ᠠ᠂ ᠵᠠᠮ ᠲᠤᠷᠰᠢ ᠶᠢᠨ ᠦᠵᠡᠮᠵᠢ ᠴᠦ ᠮᠠᠰᠢ ᠭᠤᠶᠣ᠂ ᠪᠢᠳᠡᠨ ᠳᠤ  ᠪᠡᠶ᠎ᠡ ᠴᠢᠭᠢᠷᠠᠭᠵᠢᠭᠤᠯᠬᠤ ᠲᠠᠪᠴᠠᠩ ᠬᠠᠩᠭᠠᠭᠰᠠᠨ ᠳᠤ  ᠲᠠᠯᠠᠷᠬᠠᠵᠤ ᠪᠠᠶᠢᠨ᠎ᠠ︾ ᠬᠡᠯ᠎ᠡ᠃    ᠱᠠᠩᠳᠤ ᠶᠢᠨ ᠡᠬᠡᠰᠢᠭᠯᠡᠩ ᠠᠭᠤᠳᠠᠮ ᠲᠠᠯᠠᠪᠠᠢ ᠶᠢᠨ ᠪᠥᠵᠢᠭ ᠤᠨ ᠨᠡᠶᠢᠭᠡᠮᠯᠢᠭ ᠤᠨ ᠵᠠᠩ‌‍ᠴᠢᠦ ᠫᠢᠩ᠄  ︽ᠥᠨᠥᠳᠦᠷ ᠪᠢ ᠪᠦᠯᠬᠦᠮ ᠨᠡᠶᠢᠲᠡ ᠶᠢᠨ 32 ᠬᠥᠮᠦᠨ ᠢᠶᠠᠨ ᠳᠠᠭᠠᠭᠤᠯᠤᠨ‌ᠣᠷᠣᠯᠴᠠᠵᠣ᠂ ᠭᠤᠶᠢᠳᠠ ᠰᠠᠶᠢᠬᠠᠨ ᠦᠵᠡᠮᠵᠢ ᠰᠣᠨᠢᠷᠬᠠᠨ᠂ ᠰᠡᠳᠬᠢᠯ ᠲᠦᠬᠦᠷᠡᠩ ᠪᠠᠶᠢᠨ᠎ᠠ᠃ ᠮᠠᠨ ᠤ ᠪᠦᠯᠬᠦᠮ ᠨᠢ  ᠪᠠᠰᠠ ᠡᠨᠡ ᠤᠳᠠᠭᠠᠨ ᠤ ᠣᠯᠠᠨ ᠲᠦᠮᠡᠨᠴᠢ ᠤᠷᠠᠨ ᠰᠠᠶᠢᠬᠠᠨ ᠤ ᠲᠣᠭᠯᠠᠯᠲᠠ ᠳᠤ ᠣᠷᠣᠯᠴᠠᠭᠰᠠᠨ ᠳᠠᠭᠠᠨ ᠮᠠᠰᠢ ᠪᠠᠶᠠᠷ ᠲᠠᠢ ᠪᠠᠶᠢᠨ᠎ᠠ︾ ᠬᠡᠵᠡᠢ᠃   ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ  ᠠᠮᠲᠠᠲᠤ ᠢᠳᠡᠭᠡᠨ ᠤ ᠵᠠᠬ᠎ᠠ ᠳᠡᠯᠭᠡᠭᠦᠷ  ᠭᠠᠷᠭᠠᠨ᠂ ᠡᠯ᠎ᠡ ᠳᠡᠯᠭᠡᠭᠡ ᠬᠤᠳᠠᠯᠳᠤᠭ᠎ᠠ‌‍ᠶᠢ ᠬᠤᠶᠠᠷ ᠲᠠᠯ᠎ᠠ ᠳᠤ ᠵᠢᠭᠰᠠᠭᠠᠵᠤ᠂  ᠲᠠᠷᠢᠶᠠᠴᠢᠨ ᠠᠶᠢᠯ ᠤᠨ ᠲᠠᠬᠢᠶᠠᠨ ᠥᠨᠳᠡᠭᠡ᠂  ᠶᠤᠤᠮᠠᠶ ᠵᠡᠷᠭᠡ ᠠᠮᠲᠠᠲᠤ ᠢᠳᠡᠭᠡᠨ ᠪᠠ ᠨᠤᠲᠤᠭ ᠤᠨ ᠣᠨᠴᠠ ᠭᠠᠷᠤᠯᠲᠠ ᠡᠯᠪᠡᠭ ᠪᠠᠶᠢᠵᠤ᠂ ᠵᠤᠭᠠᠴᠠᠭᠰᠠᠳ ᠬᠤᠳᠠᠯᠳᠤᠵᠤ ᠠᠪᠴᠤ ᠪᠠᠶᠢᠯ᠎ᠠ᠃ ᠴᠤᠤᠶᠠᠩ ᠲᠣᠰᠬᠤᠨ ᠤ ᠨᠠᠮ ᠤᠯᠠᠨ ᠲᠦᠮᠡᠨ ᠤ ᠦᠢᠯᠡᠴᠢᠯᠡᠭᠡᠨ ᠤ ᠲᠥᠪ ᠤᠨ ᠬᠦᠷᠢᠶᠡᠨ ᠳᠤ᠂ ᠭᠠᠳᠠᠨ᠎ᠠ ᠲᠤᠲᠤᠨ᠎ᠠ ᠶᠢᠨ ᠵᠤᠭᠠᠴᠠᠭᠰᠠᠳ ᠨᠣᠳᠤᠭ ᠤᠨ ᠣᠨᠴᠠᠯᠢᠬᠳᠣ  ᠬᠤᠭᠤᠯᠠ‌ᠵᠠᠭᠤᠰᠢ ᠡᠴᠡ‌ᠠᠮᠳᠠᠯᠠᠵᠤ  ᠪᠠᠶᠠᠰᠵᠠᠬᠠᠯ᠎ᠠ᠃       ᠲᠣᠰ ᠤᠳᠠᠭᠠᠨ ᠤ ᠠᠵᠢᠯᠯᠠᠭ᠎ᠠ ᠨᠢ ︽ᠰᠣᠶᠣᠯ ᠵᠢᠭᠤᠯᠴᠢᠯᠠᠯ +  ᠦᠵᠡᠬᠦᠯᠭᠡ ᠲᠣᠭᠯᠠᠯᠲᠠ ︾᠂ ︽ᠰᠣᠶᠣᠯ ᠵᠢᠭᠤᠯᠴᠢᠯᠠᠯ + ᠠᠮᠲᠠᠲᠤ ᠢᠳᠡᠭᠡᠨ︾᠂ ︽ᠰᠣᠶᠣᠯ ᠵᠢᠭᠤᠯᠴᠢᠯᠠᠯ + ᠲᠠᠷᠢᠶᠠᠯᠠᠩ ᠤᠨ ᠤᠨᠴᠠᠯᠢᠠᠠᠳᠤ ᠢᠳᠡᠭᠡᠨ︾ ᠵᠡᠷᠭᠡ ᠠᠵᠢᠯᠯᠠᠭ᠎ᠠ ᠶᠢ ᠠᠭᠤᠰᠤᠯᠴᠠᠭᠤᠯᠬᠤ ᠪᠠᠷ  ᠲᠠᠮᠵᠢᠭᠤᠯᠵᠤ᠂  ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠰᠢᠨ᠎ᠡ ᠵᠬᠠᠪᠤᠷ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠭᠠᠷᠳᠠᠴᠠ᠂ ᠠᠵᠤ ᠦᠶᠯᠡᠰ ᠤᠨ ᠠᠵᠤ ᠠᠬᠤᠶ ᠶᠢᠨ ᠰᠢᠨ᠎ᠡ ᠬᠢᠯᠠᠰ ᠴᠡᠭ ᠢ ᠪᠤᠢ ᠪᠣᠯᠭᠠᠪᠠ᠃    ᠣᠶᠢᠷ᠎ᠠ ᠶᠢᠨ ᠵᠢᠯ ᠠᠴᠠ ᠨᠠᠭᠠᠰᠢ᠂ ᠰᠢᠯᠤᠭᠤᠨ ᠬᠥᠬᠡ ᠬᠤᠰᠢᠭᠤᠨ ᠤ ᠬᠠᠪᠢᠷᠭ᠎ᠠ ᠪᠠᠯᠭᠠᠰᠤᠨ ᠤ ᠴᠤᠤᠶᠠᠩ ᠲᠣᠰᠬᠤᠨ ᠡᠬᠢ ᠪᠠᠶᠠᠯᠢᠭ ᠤᠨ ᠳᠠᠪᠠᠭᠤᠯᠢᠭ ᠢᠶᠠᠨ ᠭᠦᠶᠴᠡᠳ ᠪᠠᠳᠠᠷᠠᠭᠤᠯᠵᠤ᠂ ᠬᠥᠳᠡᠭᠡ ᠲᠣᠰᠬᠤᠨ ᠤ ᠵᠢᠭᠤᠯᠴᠢᠯᠠᠯ ᠎ ᠢ ᠢᠳᠡᠪᠬᠢᠲᠡᠶ ᠬᠥᠭᠵᠢᠭᠦᠯᠵᠦ᠂   ᠰᠢᠨ᠎ᠡ ᠴᠠᠭ ᠦᠶ᠎ᠡ ᠶᠢᠨ ᠬᠥᠳᠡᠭᠡ ᠲᠣᠰᠬᠤᠨ ᠤ ᠰᠢᠨ᠎ᠡ ᠳᠦᠷᠰᠦ ᠪᠠᠶᠢᠳᠠᠯ ᠢ  ᠪᠤᠢ ᠪᠤᠯᠭᠠᠵᠤ ᠪᠠᠶᠢᠨ᠎ᠠ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号