ᠬᠤᠯᠠᠨ ᠰᠢᠷᠭ᠎ᠠ ᠳᠠᠭ᠎ᠠ ᠡᠷᠡᠭᠦᠯ ᠮᠡᠨᠳᠦ ᠶᠢᠨ ᠶᠠᠪᠠᠭᠠᠨ ᠠᠶᠠᠯᠠᠯ ᠶᠠᠪᠤᠭᠳᠠᠪᠠ
ᠨᠡᠶᠢᠲᠡᠯᠡᠭᠰᠡᠨ ᠴᠠᠭ᠄
2024/5/7
      ᠰᠢᠯᠤᠭᠤᠨ ᠬᠥᠬᠡ ᠬᠤᠰᠢᠭᠤᠨ ᠤ ᠠᠮᠢ ᠠᠬᠤᠶ ᠶᠢᠨ ᠡᠬᠢ ᠪᠠᠶᠠᠯᠢᠭ ᠤᠨ ᠳᠠᠪᠠᠭᠤᠯᠢᠭ ᠢ ᠭᠦᠶᠴᠡᠳ ᠪᠠᠳᠠᠷᠠᠭᠤᠯᠵᠤ᠂ ᠡᠷᠡᠭᠦᠯᠵᠢᠯ ᠰᠤᠪᠢᠯᠠᠯᠲᠠ ᠶᠢᠨ ᠵᠢᠭᠤᠯᠴᠢᠯᠠᠯ ᠤᠨ ᠠᠵᠤ ᠦᠶᠯᠡᠰ ᠤᠨ ᠬᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠬᠤ ᠶᠢᠨ ᠲᠤᠰᠠᠳᠠ᠂ ᠰᠢᠯᠤᠭᠤᠨ ᠬᠥᠬᠡ ᠬᠤᠰᠢᠭᠤᠨ ᠤ ︽5.1︾ ᠡᠷᠡᠭᠦᠯᠵᠢᠯ ᠰᠤᠪᠢᠯᠠᠯᠲᠠ  ᠶᠢᠨ ᠵᠢᠭᠤᠯᠴᠢᠯᠠᠯ ᠤᠨ ᠭᠠᠷᠠᠭ ᠤᠨ ᠠᠵᠢᠯᠯᠠᠭᠠᠨ ᠤ ᠨᠢᠭᠡ ᠪᠤᠯᠬᠤ ᠬᠤᠯᠠᠨ ᠰᠢᠷᠭ᠎ᠠ ᠲᠠᠭ᠎ᠠ ᠡᠷᠡᠭᠦᠯ ᠮᠡᠨᠳᠦ ᠶᠢᠨ ᠶᠠᠪᠠᠭᠠᠨ ᠠᠶᠠᠯᠠᠯ 5 ᠰᠠᠷ᠎ᠠ ᠶᠢᠨ 1 ᠤ ᠡᠳᠦᠷ ᠰᠢᠯᠤᠭᠤᠨ ᠬᠥᠬᠡ ᠬᠤᠰᠢᠭᠤᠨ ᠤ ᠠᠮᠢ ᠠᠬᠤᠶ ᠶᠢᠨ ᠬᠦᠷᠢᠶᠡᠯᠡᠩ  ᠳᠤ ᠶᠠᠪᠤᠭᠳᠠᠯ᠎ᠠ᠃     ᠦᠳᠡ ᠶᠢᠨ ᠬᠤᠶᠢᠨᠠᠬᠢ 2 ᠴᠠᠭ ᠬᠠᠭᠠᠰ ᠲᠤ᠂ ᠪᠥᠬᠦ ᠤᠯᠤᠰ ᠤᠨ ᠡᠯ᠎ᠡ ᠭᠠᠵᠠᠷ ᠠᠴᠠ ᠢᠷᠡᠭᠰᠡᠨ ᠮᠢᠩᠭ᠎ᠠ ᠭᠠᠷᠤᠶ ᠶᠠᠪᠠᠭᠠᠨ ᠠᠶᠠᠯᠠᠯ ᠳᠤ ᠪᠠᠭ᠋ᠠᠲᠠᠶ ᠬᠥᠮᠦᠰ ᠨᠠᠭᠤᠨᠪᠢᠯᠢᠭ᠌ ᠪᠠᠭᠰᠢ ᠶᠢᠨ ᠳᠠᠭᠠᠭᠤᠯᠭ᠎ᠠ ᠪᠠᠷ ᠠᠮᠢ ᠠᠬᠤᠶ ᠶᠢᠨ ᠬᠦᠷᠢᠶᠡᠯᠡᠩ ᠠᠴᠠ ᠡᠬᠢᠯᠡᠨ 5 ᠺᠢᠯᠣᠮᠧᠲᠷ ᠶᠠᠪᠠᠭᠠᠨ ᠠᠯᠬᠤᠭᠰᠠᠨ ᠪᠠᠶᠢᠨ᠎ᠠ᠃      ᠤᠯᠠᠭᠠᠨᠴᠠᠪ ᠬᠤᠳᠠ ᠠᠴᠠ ᠬᠦᠷᠦᠯᠴᠡᠨ ᠢᠷᠡᠭᠰᠡᠨ ᠶᠠᠪᠠᠭᠠᠨ ᠠᠶᠠᠯᠠᠯ ᠤᠨ ᠪᠠᠭ᠋ᠠᠳᠠᠨ ᠬᠡᠯᠡᠬᠦ ᠳᠡᠭᠡᠨ᠄ ︽ᠪᠢ ᠠᠩᠬ᠎ᠠ ᠤᠳᠠᠭ᠎ᠠ ᠰᠢᠯᠤᠭᠤᠨ ᠬᠥᠬᠡ ᠬᠤᠰᠢᠭᠤᠨ ᠳᠤ ᠢᠷᠡᠵᠦ ᠪᠠᠶᠢᠨ᠎ᠠ᠂ ᠠᠳᠡᠬᠢ ᠦᠵᠡᠮᠵᠢ ᠭᠤᠶᠤ ᠮᠦᠷᠳᠡᠭᠡᠨ ᠪᠥᠬᠡ ᠪᠠᠷᠢᠯᠳᠤᠬᠤ᠂ ᠰᠤᠷ ᠬᠠᠷᠪᠤᠬᠤ᠂ ᠱᠠᠭ᠎ᠠ ᠨᠠᠭᠠᠳᠬᠤ ᠵᠡᠷᠭᠡ ᠲᠠᠮᠢᠷ ᠤᠨ ᠬᠥᠳᠡᠯᠭᠡᠭᠡᠨ ᠢ ᠦᠵᠡᠭᠡᠳ ᠮᠠᠰᠢ ᠭᠤᠶᠤ ᠰᠠᠨᠠᠭᠳᠠᠭᠰᠠᠨ︾ ᠭᠡᠯ᠎ᠡ᠃      ᠱᠠᠨᠳᠦ᠋ᠩ ᠮᠤᠵᠢ ᠠᠴᠠ ᠬᠦᠷᠦᠯᠴᠡᠨ ᠢᠷᠡᠭᠰᠡᠨ ᠶᠠᠪᠠᠭᠠᠨ ᠠᠶᠠᠯᠠᠯ ᠤᠨ ᠪᠠᠭ᠋ᠠᠳᠠᠨ ᠬᠡᠯᠡᠬᠦ ᠳᠡᠭᠡᠨ᠄ ︽ᠠᠩᠬ᠎ᠠ ᠤᠳᠠᠭ᠎ᠠ 5 ᠺᠢᠯᠤᠮᠧᠲᠷ ᠠᠯᠬᠤᠬᠤ ᠠᠵᠢᠯᠯᠠᠭ᠎ᠠ ᠳᠤ ᠤᠷᠤᠯᠴᠠᠭᠠᠳ ᠲᠤᠩ ᠪᠠᠶᠠᠷᠯᠠᠵᠤ ᠪᠠᠶᠢᠨ᠎ᠠ᠂ ᠡᠨᠡ ᠤᠳᠠᠭ᠎ᠠ ᠪᠠᠰᠠ ᠱᠠᠭ᠎ᠠ ᠨᠠᠭᠠᠳᠬᠤ᠂ ᠴᠠᠭᠠᠨ ᠢᠳᠡᠭᠡ ᠠᠮᠲᠠᠯᠠᠬᠤ ᠠᠵᠢᠯᠯᠠᠭ᠎ᠠ ᠳᠤ ᠤᠷᠤᠯᠴᠠᠭᠰᠠᠨ᠂ ᠰᠢᠯᠤᠭᠤᠨ ᠬᠦᠬᠡ ᠬᠤᠰᠢᠭᠤᠨ ᠤ ᠡᠯ᠎ᠡ ᠵᠦᠢᠯ ᠤᠨ ᠠᠮᠲᠠᠲᠤ ᠢᠳᠡᠭᠡᠨ ᠦᠨᠡᠭᠡᠷ ᠮᠠᠷᠲᠠᠭᠳᠠᠰᠢ ᠦᠭᠡᠢ︾ ᠭᠡᠯ᠎ᠡ᠃ᠶᠠᠪᠠᠭᠠᠨ ᠠᠶᠠᠯᠠᠬᠤ ᠠᠵᠢᠯᠯᠠᠭ᠎ᠠ ᠨᠢ ᠣᠯᠠᠨ ᠲᠦᠮᠡᠨ ᠤ ᠲᠡᠰᠪᠦᠷᠢ ᠲᠡᠪᠴᠢᠶᠡᠷᠢ ᠪᠠ ᠵᠣᠷᠢᠭ ᠰᠥᠰᠥ ᠶᠢ ᠳᠠᠪᠲᠠᠨ ᠪᠣᠯᠪᠠᠰᠤᠷᠠᠭᠤᠯᠤᠭᠰᠠᠨ ᠢᠶᠠᠷ ᠪᠠᠷᠠᠬᠤ ᠥᠬᠡᠶ᠂ ᠥᠷᠭᠡᠨ ᠣᠯᠠᠨ ᠲᠦᠮᠡᠨ ᠤ ᠪᠠᠶᠠᠰᠤᠩᠭᠤᠶ ᠥᠭᠡᠳᠡᠷᠬᠡᠭ᠂ ᠢᠳᠡᠪᠬᠢᠲᠡᠶ ᠤᠷᠤᠭᠰᠢᠯᠠᠨ ᠳᠠᠪᠰᠢᠬᠤ᠂ ᠪᠦᠯᠬᠦᠮᠳᠡᠨ ᠨᠥᠬᠦᠷᠰᠡᠭ ᠪᠠᠶᠢᠬᠤ ᠰᠠᠶᠢᠨ ᠰᠠᠶᠢᠬᠠᠨ ᠳᠦᠷᠰᠦ ᠪᠠᠶᠢᠳᠠᠯ ᠢ ᠭᠦᠶᠴᠡᠳ ᠢᠯᠡᠷᠡᠭᠦᠯᠦᠨ ᠰᠢᠯᠤᠭᠤᠨ ᠬᠥᠬᠡ ᠬᠤᠰᠢᠭᠤᠨ ᠤ ᠳᠦᠷᠢ ᠲᠥᠷᠬᠦ ᠪᠠ ᠨᠡᠷ᠎ᠡ ᠠᠯᠳᠠᠷᠰᠢᠯ ᠢ ᠪᠥᠬᠦ ᠲᠠᠯ᠎ᠠ  ᠪᠠᠷ ᠳᠡᠭᠡᠭᠰᠢᠯᠡᠭᠦᠯᠵᠦ᠂ ᠪᠥᠬᠦ ᠬᠤᠰᠢᠭᠤᠨ ᠤ ᠵᠢᠭᠤᠯᠴᠢᠯᠠᠯ ᠤᠨ ᠦᠶᠯᠡᠰ ᠤᠨ ᠬᠥᠭᠵᠢᠯᠲᠡ ᠶᠢ ᠠᠬᠢᠭᠤᠯᠤᠭᠰᠠᠨ ᠪᠠᠶᠢᠨ᠎ᠠ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号