ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠰᠤᠳᠤᠯᠤᠨ ᠰᠤᠷᠤᠯᠴᠠᠬᠤ ᠠᠵᠢᠯᠯᠠᠭ᠎ᠠ ᠡᠬᠢᠯᠡᠪᠡ
ᠨᠡᠶᠢᠲᠡᠯᠡᠭᠰᠡᠨ ᠴᠠᠭ᠄
2024/5/7
     ᠰᠢᠯᠢ ᠶᠢᠨ ᠭᠤᠤᠯ ᠠᠶᠢᠮᠠᠭ ᠤᠨ ᠰᠣᠶᠣᠯ ᠤᠨ ᠥᠪ ᠤᠨ ᠬᠠᠮᠠᠭᠠᠯᠠᠯᠲᠠ ᠶᠢᠨ ᠰᠤᠳᠤᠯᠭᠠᠨ ᠤ ᠲᠥᠪ ᠠᠴᠠ ᠭᠤᠤᠯᠯᠠᠨ ᠡᠷᠭᠢᠯᠡᠭᠰᠡᠨ ︽ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ — ᠬᠠᠮᠲᠤ ᠶᠢᠨ ᠥᠪ  ᠬᠠᠮᠲᠤ ᠶᠢᠨ ᠬᠠᠷᠢᠭᠤᠴᠠᠯᠭ᠎ᠠ︾ ᠭᠤᠤᠯ ᠰᠡᠳᠦᠪᠳᠤ ᠳᠤᠮᠳᠠᠳᠤ ᠪᠠᠭ᠎ᠠ ᠰᠤᠷᠭᠠᠭᠤᠯᠢ ᠶᠢᠨ ᠰᠤᠳᠤᠯᠤᠨ ᠰᠤᠷᠤᠯᠴᠠᠬᠤ ᠠᠵᠢᠯᠯᠠᠭ᠎ᠠ 5 ᠰᠠᠷ᠎ᠠ ᠶᠢᠨ 1 ᠤ ᠡᠳᠦᠷ ᠬᠢᠴᠢᠶᠠᠯ ᠡᠬᠢᠯᠡᠯ᠎ᠡ᠃      ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ᠂ ᠰᠣᠶᠣᠯ ᠤᠨ ᠥᠪ ᠤᠨ ᠮᠦᠽᠧᠶ ᠳᠤ ᠰᠤᠷᠤᠭᠴᠢᠳ ᠲᠠᠶᠢᠯᠪᠤᠷᠢᠯᠠᠭᠴᠢ ᠶᠢᠨ ᠳᠠᠭᠠᠭᠤᠯᠭ᠎ᠠ ᠪᠠᠷ ︽ᠣᠨᠣᠯ + ᠦᠶᠯᠡᠳᠦᠯᠭᠡ︾ ᠶᠢᠨ ᠬᠡᠯᠪᠡᠷᠢ ᠪᠠᠷ ᠳᠤᠮᠳᠠᠳᠤ ᠶᠢᠨ ᠦᠨᠳᠦᠰᠦᠲᠡᠨ ᠤ ᠣᠯᠠᠨ ᠡᠰᠢᠲᠦ ᠨᠢᠭᠡ ᠴᠤᠭᠴᠠᠵᠢᠭᠰᠠᠨ ᠬᠥᠭᠵᠢᠯᠲᠡ ᠶᠢᠨ ᠲᠡᠦᠬᠡ ᠶᠢ ᠨᠠᠷᠢᠨ ᠤᠶᠢᠯᠠᠭᠠᠵᠤ᠂ ᠰᠣᠶᠣᠯ ᠤᠨ ᠥᠪ ᠤᠨ ᠦᠨ᠎ᠡ ᠦᠷᠳᠡᠭ ᠪᠣᠯᠤᠨ ᠲᠡᠦᠬᠡ ᠶᠢᠨ ᠠᠭᠤᠯᠤᠭᠳᠠᠬᠤᠨ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠲᠤᠬᠠᠢ ᠨᠡᠩ ᠬᠦᠨᠵᠡᠭᠡᠢ ᠲᠠᠨᠢᠯᠳᠠ ᠲᠠᠢ ᠪᠤᠯᠵᠠᠢ᠃      ᠠᠶᠢᠮᠠᠭ ᠤᠨ ᠰᠣᠶᠣᠯ ᠤᠨ ᠥᠪ ᠢ ᠬᠠᠮᠠᠭᠠᠯᠠᠬᠤ ᠰᠤᠳᠤᠯᠭᠠᠨ ᠤ ᠲᠥᠪ ᠤᠨ ᠬᠤᠯᠪᠣᠭᠳᠠᠯ ᠪᠥᠬᠦᠶ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠲᠣᠰ ᠤᠳᠠᠭᠠᠨ ᠤ ᠠᠵᠢᠯᠯᠠᠭ᠎ᠠ ᠨᠢ ᠥᠪ ᠬᠥᠷᠥᠩᠭᠡ ᠶᠢᠨ ᠪᠠᠶᠢᠭ᠎ᠠ ᠭᠠᠵᠠᠷ ᠤᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠰᠣᠶᠣᠯ ᠤᠨ ᠥᠪ ᠢ ᠬᠠᠮᠠᠭᠠᠯᠠᠬᠤ ᠤᠬᠠᠮᠰᠠᠷ ᠢ ᠪᠣᠶ ᠪᠣᠯᠭᠠᠵᠤ᠂ ᠰᠣᠶᠣᠯ ᠤᠨ ᠥᠪ ᠢ ᠤᠯᠠᠮᠵᠢᠯᠠᠨ ᠵᠠᠯᠭᠠᠮᠵᠢᠯᠠᠭᠴᠢ ᠶᠢ ᠬᠥᠮᠦᠵᠢᠭᠦᠯᠦᠨ᠂ ᠰᠤᠷᠤᠭᠴᠢᠳ ᠲᠤ ᠰᠣᠶᠣᠯ ᠤᠨ ᠦᠵᠡᠰᠬᠦᠯᠡᠩ ᠤᠨ ᠠᠵᠢᠯ ᠲᠥᠷᠥᠯ ᠢ ᠠᠩᠬ᠎ᠠ ᠲᠠᠨᠢᠭᠤᠯᠵᠤ᠂ ᠥᠪ ᠬᠥᠷᠥᠩᠭᠡ ᠶᠢ ᠬᠠᠮᠠᠭᠠᠯᠠᠬᠤ᠂ ᠬᠠᠭᠤᠴᠢ ᠰᠤᠳᠤᠯᠤᠯ᠂ ᠮᠦᠽᠧᠶ ᠶᠢᠨ ᠬᠠᠮᠢᠶ᠎ᠠ ᠪᠥᠬᠦᠶ ᠮᠡᠳᠡᠯᠭᠡ ᠶᠢ ᠣᠶᠢᠯᠠᠭᠠᠭᠤᠯᠬᠤ ᠳᠤ ᠴᠥᠮ ᠲᠤᠶᠢᠯ ᠤᠨ ᠶᠡᠭᠡ ᠬᠠᠪᠰᠤᠷᠤᠯᠭ᠎ᠠ ᠦᠵᠡᠭᠦᠯᠵᠡᠶ᠃ ᠡᠨᠡ ᠬᠦ ᠰᠤᠳᠤᠯᠤᠨ ᠰᠤᠷᠤᠯᠴᠠᠬᠤ ᠠᠵᠢᠯᠯᠠᠭ᠎ᠠ ᠶᠢ ᠬᠤᠶᠢᠰᠢᠳᠠ ᠪᠠᠶᠢᠩᠭᠤ ᠥᠷᠨᠢᠭᠦᠯᠵᠦ᠂ ᠰᠤᠷᠤᠭᠴᠢᠳ ᠲᠤ ᠤᠯᠤᠰ ᠣᠷᠣᠨ ᠢᠶᠠᠨ ᠬᠠᠶᠢᠷᠠᠯᠠᠬᠤ ᠰᠡᠳᠬᠢᠯᠭᠡ ᠪᠠ ᠦᠨᠳᠦᠰᠦᠲᠡᠨ ᠤ ᠣᠮᠤᠭ ᠪᠠᠭ᠋ᠠᠳᠤᠯᠲᠤ ᠰᠡᠳᠬᠢᠯᠭᠡ ᠶᠢ ᠪᠤᠢ ᠪᠣᠯᠭᠠᠬᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠵᠠᠯᠭᠠᠮᠵᠢᠯᠠᠬᠤ ᠰᠤᠷᠤᠯᠴᠠᠯᠭ᠎ᠠ ᠶᠢᠨ ᠲᠠᠪᠴᠠᠩ ᠪᠣᠯᠭᠠᠬᠤ ᠪᠣᠯᠤᠨ᠎ᠠ ᠭᠡᠯ᠎ᠡ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号