ᠰᠢ ᠶᠢᠨ ᠫᠢᠩ ᠰᠧᠷᠪᠢᠶ᠎ᠠ ᠶᠢᠨ ᠶᠡᠷᠦᠩᠬᠡᠶᠢᠯᠡᠭᠴᠢ ᠥᠴᠢᠴᠢ ᠲᠠᠢ ᠬᠡᠯᠡᠯᠴᠡᠭᠡ ᠬᠢᠪᠡ
ᠨᠡᠶᠢᠲᠡᠯᠡᠭᠰᠡᠨ ᠴᠠᠭ᠄
2024/5/9
     ᠲᠤᠬᠠᠢ ᠶᠢᠨ ᠭᠠᠵᠠᠷ ᠤᠨ ᠴᠠᠭ ᠢᠶᠠᠷ 5 ᠰᠠᠷ᠎ᠠ ᠶᠢᠨ 8᠎ ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠧᠯᠭᠷᠠᠳ᠋ ᠤᠨ ᠰᠧᠷᠪᠢᠶ᠎ᠠ ᠲᠣᠮᠣ ᠠᠰᠠᠷ ᠲᠤ ᠰᠧᠷᠪᠢᠶ᠎ᠠ ᠶᠢᠨ ᠶᠡᠷᠦᠩᠬᠡᠶᠢᠯᠡᠭᠴᠢ ᠥᠴᠢᠴᠢ ᠲᠠᠢ ᠬᠡᠯᠡᠯᠴᠡᠭᠡ ᠬᠢᠪᠡ᠃ ᠬᠤᠶᠠᠷ ᠤᠯᠤᠰ ᠤᠨ ᠲᠡᠷᠢᠭᠦᠨ᠂ ᠳᠤᠮᠳᠠᠳᠤ ᠰᠧᠷᠪᠢᠶ᠎ᠠ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢ ᠭᠦᠨᠵᠡᠭᠡᠶᠢᠷᠡᠭᠦᠯᠦᠨ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠶᠢᠨ ᠳᠤᠮᠳᠠᠳᠤ ᠰᠧᠷᠪᠢᠶ᠎ᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠤᠨ᠎ᠠ ᠭᠡᠵᠦ ᠨᠡᠶᠢᠲᠡᠯᠡᠪᠡ᠃
 微信图片_20240509155504.jpg
     ᠲᠤᠬᠠᠢ ᠶᠢᠨ ᠭᠠᠵᠠᠷ ᠤᠨ ᠴᠠᠭ ᠢᠶᠠᠷ 5 ᠰᠠᠷ᠎ᠠ ᠶᠢᠨ 8᠎ ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠧᠯᠭᠷᠠᠳ᠋ ᠤᠨ ᠰᠧᠷᠪᠢᠶ᠎ᠠ ᠲᠣᠮᠣ ᠠᠰᠠᠷ ᠲᠤ ᠰᠧᠷᠪᠢᠶ᠎ᠠ ᠶᠢᠨ ᠶᠡᠷᠦᠩᠬᠡᠶᠢᠯᠡᠭᠴᠢ ᠥᠴᠢᠴᠢ ᠲᠠᠢ ᠬᠡᠯᠡᠯᠴᠡᠭᠡ ᠬᠢᠪᠡ᠃     ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠰᠢᠤᠸᠠᠢ ᠷᠧᠨ ᠰᠡᠭᠦᠳᠡᠷᠯᠡᠪᠡ
微信图片_20240509155512.jpg
     ᠲᠤᠬᠠᠢ ᠶᠢᠨ ᠭᠠᠵᠠᠷ ᠤᠨ ᠴᠠᠭ ᠢᠶᠠᠷ 5 ᠰᠠᠷ᠎ᠠ ᠶᠢᠨ 8᠎ ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠧᠯᠭᠷᠠᠳ᠋ ᠤᠨ ᠰᠧᠷᠪᠢᠶ᠎ᠠ ᠲᠣᠮᠣ ᠠᠰᠠᠷ ᠲᠤ ᠰᠧᠷᠪᠢᠶ᠎ᠠ ᠶᠢᠨ ᠶᠡᠷᠦᠩᠬᠡᠶᠢᠯᠡᠭᠴᠢ ᠥᠴᠢᠴᠢ ᠲᠠᠢ ᠬᠡᠯᠡᠯᠴᠡᠭᠡ ᠬᠢᠪᠡ᠃ ᠵᠢᠷᠤᠭ ᠪᠣᠯ ᠬᠡᠯᠡᠯᠴᠡᠭᠡ ᠬᠢᠬᠦ ᠠᠴᠠ ᠡᠮᠦᠨ᠎ᠡ ᠥᠴᠢᠴᠢ ᠠᠴᠠ ᠦᠪᠡᠳᠡᠭᠰᠢ ᠶᠡᠭᠡ ᠶᠣᠰᠣᠯᠠᠯ ᠶᠠᠪᠤᠭᠳᠠᠭᠤᠯᠵᠤ ᠰᠢ ᠶᠢᠨ ᠫᠢᠩ ᠢ ᠤᠭᠲᠤᠵᠤ ᠪᠠᠶᠢᠭ᠎ᠠ ᠨᠢ᠃     ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠫᠠᠩ ᠰᠢᠩ ᠯᠧᠢ ᠰᠡᠭᠦᠳᠡᠷᠯᠡᠪᠡ
微信图片_20240509155518.jpg
     ᠲᠤᠬᠠᠢ ᠶᠢᠨ ᠭᠠᠵᠠᠷ ᠤᠨ ᠴᠠᠭ ᠢᠶᠠᠷ 5 ᠰᠠᠷ᠎ᠠ ᠶᠢᠨ 8᠎ ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠧᠯᠭᠷᠠᠳ᠋ ᠤᠨ ᠰᠧᠷᠪᠢᠶ᠎ᠠ ᠲᠣᠮᠣ ᠠᠰᠠᠷ ᠲᠤ ᠰᠧᠷᠪᠢᠶ᠎ᠠ ᠶᠢᠨ ᠶᠡᠷᠦᠩᠬᠡᠶᠢᠯᠡᠭᠴᠢ ᠥᠴᠢᠴᠢ ᠲᠠᠢ ᠬᠡᠯᠡᠯᠴᠡᠭᠡ ᠬᠢᠪᠡ᠃ ᠬᠡᠯᠡᠯᠴᠡᠭᠡ ᠲᠡᠭᠦᠰᠦᠭᠰᠡᠨ ᠤ ᠲᠠᠷᠠᠭ᠎ᠠ᠂ ᠬᠤᠶᠠᠷ ᠤᠯᠤᠰ ᠤᠨ ᠲᠡᠷᠢᠭᠦᠨ ᠬᠠᠮᠲᠤ ᠪᠠᠷ ︽ᠳᠤᠮᠳᠠᠳᠤ ᠰᠧᠷᠪᠢᠶ᠎ᠠ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢ ᠭᠦᠨᠵᠡᠭᠡᠶᠢᠷᠡᠭᠦᠯᠦᠨ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠶᠢᠨ ᠳᠤᠮᠳᠠᠳᠤ ᠰᠧᠷᠪᠢᠶ᠎ᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠲᠤᠬᠠᠢ ᠬᠠᠮᠲᠤᠷᠠᠭᠰᠠᠨ ᠢᠯᠡᠷᠬᠡᠶᠢᠯᠡᠯᠲᠡ︾᠎ ᠳᠤ ᠭᠠᠷ ᠤᠨ ᠦᠰᠦᠭ ᠵᠢᠷᠤᠪᠠ᠃     ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠬᠤᠸᠠᠩ ᠵᠢᠩ ᠸᠧᠨ ᠰᠡᠭᠦᠳᠡᠷᠯᠡᠪᠡ     5 ᠰᠠᠷ᠎ᠠ ᠶᠢᠨ ᠪᠧᠯᠭᠷᠡᠳ᠋ ᠲᠤ ᠨᠠᠷᠡ ᠲᠤᠨᠤᠷᠠᠨ᠎ᠠ᠃ ᠰᠧᠷᠪᠢᠶ᠎ᠠ ᠲᠣᠮᠣ ᠠᠰᠠᠷ ᠤᠨ ᠡᠮᠦᠨ᠎ᠡ᠂ ᠳᠤᠮᠳᠠᠳᠤ ᠰᠧᠷᠪᠢᠶ᠎ᠠ ᠬᠤᠶᠠᠷ ᠤᠯᠤᠰ ᠤᠨ ᠤᠯᠤᠰ ᠤᠨ ᠲᠤᠭ ᠰᠠᠯᠬᠢᠨ ᠤ ᠠᠶ᠎ᠠ ᠪᠠᠷ ᠨᠠᠮᠢᠷᠠᠵᠤ᠂ ᠶᠣᠰᠣᠯᠠᠯ ᠤᠨ ᠠᠩᠭᠢ ᠰᠦᠷ ᠵᠢᠪᠬᠤᠭ᠎ᠠ ᠲᠠᠢ ᠪᠠᠶᠢᠯ᠎ᠠ᠃ ᠰᠢ ᠶᠢᠨ ᠫᠢᠩ ᠬᠠᠳᠤᠨ ᠫᠧᠩ ᠯᠢ ᠶᠤᠸᠠᠨ ᠲᠠᠢ ᠪᠠᠨ ᠲᠡᠷᠭᠡᠨ ᠳᠤ ᠰᠠᠭᠤᠵᠤ ᠬᠦᠷᠴᠦ ᠢᠷᠡᠬᠦ ᠳᠤ᠂ ᠰᠧᠷᠪᠢᠶ᠎ᠠ ᠶᠢᠨ ᠶᠡᠷᠦᠩᠬᠡᠶᠢᠯᠡᠭᠴᠢ ᠥᠴᠢᠴᠢ ᠪᠣᠯᠣᠨ ᠲᠡᠭᠦᠨ ᠤ ᠬᠠᠳᠤᠨ ᠲᠠᠮᠠᠯᠠ ᠲᠡᠷᠭᠡᠨ ᠠᠴᠠ ᠪᠠᠭᠤᠬᠤ ᠭᠠᠵᠠᠷ ᠲᠤ ᠬᠠᠯᠠᠭᠤᠨ ᠢᠶᠠᠷ ᠤᠭᠲᠤᠵᠤ ᠠᠪᠤᠪᠠ᠃     ᠥᠴᠢᠴᠢ ᠦᠪᠡᠳᠡᠭᠰᠢ ᠶᠣᠰᠣᠯᠠᠯ ᠶᠠᠪᠤᠭᠳᠠᠭᠤᠯᠵᠤ ᠰᠢ ᠶᠢᠨ ᠫᠢᠩ ᠢ ᠤᠭᠲᠤᠪᠠ᠃ ᠬᠤᠶᠠᠷ ᠤᠯᠤᠰ ᠤᠨ ᠲᠡᠷᠢᠭᠦᠨ ᠬᠠᠮᠲᠤ ᠪᠠᠷ ᠰᠢᠯᠭᠠᠨ ᠦᠵᠡᠬᠦ ᠲᠠᠶᠢᠰᠠᠨ ᠳᠤ ᠭᠠᠷᠴᠤ᠂ ᠴᠡᠷᠢᠭ ᠤᠨ ᠬᠥᠭᠵᠢᠮ ᠤᠨ ᠪᠦᠯᠭᠦᠮ ᠳᠤᠮᠳᠠᠳᠤ ᠰᠧᠷᠪᠢᠶ᠎ᠠ ᠬᠤᠶᠠᠷ ᠤᠯᠤᠰ ᠤᠨ ᠰᠦᠯᠳᠡ ᠳᠠᠭᠤᠤ ᠶᠢ ᠬᠥᠭᠵᠢᠮᠳᠡᠵᠦ᠂ ᠶᠣᠰᠣᠯᠠᠯ ᠤᠨ ᠫᠤᠤ ᠶᠢ 10 ᠳᠤᠤᠭᠠᠷᠭᠠᠪᠠ᠃ ᠰᠢ ᠶᠢᠨ ᠫᠢᠩ ᠥᠴᠢᠴᠢ ᠶᠢᠨ ᠪᠠᠷ᠎ᠠ ᠪᠤᠯᠤᠯᠭ᠎ᠠ ᠲᠠᠢ ᠪᠠᠷ ᠶᠣᠰᠣᠯᠠᠯ ᠤᠨ ᠠᠩᠭᠢ ᠶᠢ ᠰᠢᠯᠭᠠᠨ ᠦᠵᠡᠪᠡ᠃ ᠬᠤᠶᠠᠷ ᠤᠯᠤᠰ ᠤᠨ ᠲᠡᠷᠢᠭᠦᠨ ᠬᠤᠶᠠᠷ ᠲᠠᠯ᠎ᠠ ᠶᠢᠨ ᠪᠠᠷ᠎ᠠ ᠪᠣᠯᠣᠭᠰᠠᠳ ᠲᠠᠢ ᠨᠢᠭᠡᠳ ᠨᠢᠭᠡ ᠪᠠᠷ ᠭᠠᠷ ᠠᠳᠬᠤᠨ ᠮᠡᠨᠳᠦᠴᠢᠯᠡᠪᠡ᠃     ᠥᠴᠢᠴᠢ ᠰᠢ ᠶᠢᠨ ᠫᠢᠩ ᠳᠤ ᠪᠠᠷ᠎ᠠ ᠪᠣᠯᠵᠤ ᠵᠠᠰᠠᠭ ᠤᠨ ᠣᠷᠳᠣᠨ ᠤ ᠲᠣᠮᠣ ᠠᠰᠠᠷ ᠤᠨ ᠲᠠᠪᠴᠠᠩ ᠳᠤ ᠭᠦᠷᠪᠡ᠃ ᠲᠣᠮᠣ ᠠᠰᠠᠷ ᠤᠨ ᠠᠭᠤᠳᠠᠮ ᠲᠠᠯᠠᠪᠠᠢ ᠳᠤ᠂ ᠲᠦᠮᠡ ᠲᠠᠪᠤᠨ ᠮᠢᠩᠭᠠᠨ ᠰᠧᠷᠪᠢᠶ᠎ᠠ ᠶᠢᠨ ᠠᠷᠠᠳ ᠤᠯᠠᠨ ᠳᠤᠮᠳᠠᠳᠤ ᠰᠧᠷᠪᠢᠶ᠎ᠠ ᠬᠤᠶᠠᠷ ᠤᠯᠤᠰ ᠤᠨ ᠤᠯᠤᠰ ᠤᠨ ᠲᠤᠭ ᠢ ᠬᠤᠷᠦ᠋ᠢᠯᠠᠵᠤ᠂ ᠰᠢ ᠶᠢᠨ ᠫᠢᠩ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠪᠡ᠃ ᠰᠢ ᠶᠢᠨ ᠫᠢᠩ ᠤᠭᠲᠤᠬᠤ ᠪᠠᠷ ᠢᠷᠡᠭᠰᠡᠨ ᠬᠥᠮᠥᠰ ᠤᠨ ᠵᠦᠭ ᠭᠠᠷ ᠳᠠᠯᠠᠯᠤᠨ ᠮᠡᠨᠳᠦᠴᠢᠯᠡᠪᠡ᠃ ᠠᠭᠤᠳᠠᠮ ᠲᠠᠯᠠᠪᠠᠢ ᠳᠤ ᠠᠯᠠᠭ᠎ᠠ ᠲᠡᠰᠢᠯᠲᠡ ᠶᠢᠨ ᠲᠠᠭᠤᠨ ᠨᠢᠵᠢᠭᠢᠨᠡᠵᠦ᠂ ᠤᠷᠠᠢ ᠬᠠᠰᠬᠢᠷᠬᠤ ᠲᠠᠭᠤᠨ ᠤᠳᠠᠲᠠᠯ᠎ᠠ ᠦᠷᠭᠦᠯᠵᠢᠯᠡᠪᠡ᠃     ᠤᠭᠲᠤᠬᠤ ᠶᠣᠰᠣᠯᠠᠯ ᠤᠨ ᠳᠠᠷᠠᠭ᠎ᠠ᠂ ᠬᠤᠶᠠᠷ ᠤᠯᠤᠰ ᠤᠨ ᠲᠡᠷᠢᠭᠦᠨ ᠲᠤᠰ ᠲᠤᠰ ᠪᠠᠭ᠎ᠠ ᠬᠡᠪᠴᠢᠶᠡᠨ ᠤ ᠠᠭᠤᠯᠵᠠᠯᠲᠠ ᠪᠠ ᠶᠡᠭᠡ ᠬᠡᠪᠴᠢᠶᠡᠨ ᠤ ᠬᠡᠯᠡᠯᠴᠡᠭᠡ ᠬᠢᠪᠡ᠃     ᠰᠢ ᠶᠢᠨ ᠫᠢᠩ᠂ ᠶᠡᠷᠦᠩᠬᠡᠶᠢᠯᠡᠭᠴᠢ ᠥᠴᠢᠴᠢ ᠶᠢᠨ ᠤᠯᠠᠨ ᠤᠳᠠᠭ᠎ᠠ ᠶᠢᠨ ᠤᠷᠢᠯᠭ᠎ᠠ ᠪᠠᠷ᠂ 8 ᠵᠢᠯ ᠠᠯᠤᠰᠯᠠᠭᠠᠳ ᠦᠵᠡᠰᠬᠦᠯᠡᠩᠲᠦ ᠰᠠᠶᠢᠬᠠᠨ ᠰᠧᠷᠪᠢᠶ᠎ᠠ ᠳᠤ ᠳᠠᠬᠢᠨᠲᠠ ᠠᠶᠢᠯᠴᠢᠯᠠᠬᠰᠠᠨ ᠳᠠᠭᠠᠨ ᠪᠢ ᠮᠠᠰᠢ ᠪᠠᠶᠠᠷ ᠲᠠᠢ ᠪᠠᠶᠢᠨ᠎ᠠ᠃ ᠶᠡᠷᠦᠩᠬᠡᠶᠢᠯᠡᠭᠴᠢ ᠥᠴᠢᠴᠢ ᠵᠠᠰᠠᠭ ᠤᠨ ᠣᠷᠳᠣᠨ ᠤ ᠤᠯᠠᠨ ᠴᠢᠬᠤᠯᠠ ᠳᠡᠭᠡᠳᠦ ᠲᠤᠰᠢᠶᠠᠯᠲᠠᠨ ᠢ ᠳᠠᠭᠠᠭᠤᠯᠤᠨ ᠨᠢᠰᠬᠡᠯ ᠤᠨ ᠪᠠᠭᠤᠳᠠᠯ ᠳᠤ ᠬᠦᠷᠴᠦ ᠤᠭᠲᠤᠪᠠ᠂ ᠢᠯᠠᠩᠭᠤᠶ᠎ᠠ ᠰᠠᠶ᠋ᠢᠬᠠᠨ ᠦᠪᠡᠳᠡᠭᠰᠢ ᠶᠡᠭᠡ ᠤᠭᠲᠤᠬᠤ ᠶᠣᠰᠣᠯᠠᠯ ᠶᠠᠪᠤᠭᠳᠠᠭᠤᠯᠵᠤ ᠨᠠᠳᠠ ᠶᠢ ᠤᠭᠲᠤᠭᠰᠠᠨ ᠨᠢ ᠨᠠᠳᠠ ᠶᠢ ᠶᠡᠬᠡᠳᠡ ᠳᠣᠭᠳᠣᠯᠤᠭᠤᠯᠵᠤ᠂ ᠰᠧᠷᠪᠢᠶ᠎ᠠ ᠶᠢᠨ ᠠᠷᠠᠳ ᠲᠦᠮᠡᠨ ᠪᠣᠯ ᠳᠤᠮᠳᠠᠳᠤ ᠤᠯᠤᠰ ᠤᠨ ᠠᠷᠠᠳ ᠲᠦᠮᠡᠨ ᠤ ᠰᠠᠶᠢᠨ ᠨᠠᠶᠢᠵᠠ᠂ ᠳᠤᠮᠳᠠᠳᠤ ᠤᠯᠤᠰ ᠲᠤ ᠦᠨᠡᠨᠴᠢ ᠨᠥᠭᠦᠷᠰᠡᠭ ᠬᠠᠶᠢᠷ᠎ᠠ ᠰᠡᠳᠬᠢᠯᠭᠡ ᠲᠠᠢ ᠭᠡᠳᠡᠭ ᠢ ᠭᠦᠨᠵᠡᠭᠡᠢ ᠮᠡᠳᠡᠷᠡᠭᠦᠯᠵᠡᠢ ᠭᠡᠵᠦ ᠵᠢᠭᠠᠵᠤ ᠭᠠᠷᠭᠠᠪᠠ᠃     ᠰᠢ ᠶᠢᠨ ᠫᠢᠩ᠂ ᠳᠤᠮᠳᠠᠳᠤ ᠰᠧᠷᠪᠢᠶ᠎ᠠ ᠶᠢᠨ ᠦᠨᠡᠨᠴᠢ ᠨᠥᠬᠦᠷᠯᠡᠯ ᠳᠡᠯᠡᠬᠡᠢ ᠶᠢᠨ ᠤᠷᠪᠠᠭᠠᠨ ᠬᠥᠷᠪᠡᠭᠡᠨ ᠲᠠᠢ ᠪᠠᠶᠢᠳᠠᠯ ᠤᠨ ᠰᠢᠯᠭᠠᠯᠲᠠ ᠶᠢ ᠲᠤᠭᠤᠯᠵᠥ᠂ ᠭᠦᠨ ᠵᠤᠵᠠᠭᠠᠨ ᠲᠡᠦᠬᠡ ᠶᠢᠨ ᠠᠭᠤᠯᠤᠭᠳᠠᠬᠤᠨ᠂ ᠪᠠᠲᠤ ᠪᠠᠬᠢ ᠤᠯᠤᠰ ᠲᠦᠷᠦ ᠶᠢᠨ ᠰᠠᠭᠤᠷᠢ᠂ ᠥᠷᠭᠡᠨ ᠳᠡᠯᠭᠡᠷ ᠬᠠᠮᠲᠤ ᠶᠢᠨ ᠠᠰᠢᠭ ᠲᠤᠰᠠ᠂ ᠯᠠᠪᠳᠠᠭᠤᠨ ᠪᠠᠲᠤᠲᠠᠢ ᠠᠷᠠᠳ ᠤᠨ ᠰᠠᠨᠠᠭᠠᠨ ᠤ ᠰᠠᠭᠤᠷᠢ ᠲᠠᠢ ᠶᠤᠮ᠃ ᠣᠶᠢᠷ᠎ᠠ ᠶᠢᠨ ᠵᠢᠯ ᠠᠴᠠ᠂ ᠪᠢ ᠶᠡᠷᠦᠩᠬᠡᠶᠢᠯᠡᠭᠴᠢ ᠠᠪᠤᠭᠠᠢ ᠲᠠᠢ ᠬᠠᠮᠲᠤ ᠪᠠᠷ ᠬᠤᠶᠠᠷ ᠤᠯᠤᠰ ᠤᠨ ᠬᠠᠷᠢᠯᠴᠠᠭ᠎ᠠ ᠶᠢ ᠬᠥᠲᠥᠯᠥᠨ ᠳᠠᠭᠠᠭᠤᠯᠵᠤ ᠲᠠᠪᠠᠯᠳᠠᠳᠤ ᠴᠢᠨᠠᠷᠲᠠᠢ ᠬᠥᠭᠵᠢᠯᠲᠡ ᠶᠢ ᠪᠡᠶᠡᠯᠡᠭᠦᠯᠵᠦ᠂ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ ᠣᠯᠪᠠ᠃ ᠢᠯᠠᠩᠭᠤᠶ᠎ᠠ 2016 ᠣᠨ ᠳᠤ ᠳᠤᠮᠳᠠᠳᠤ ᠰᠧᠷᠪᠢᠶ᠎ᠠ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠠᠶᠢᠭᠤᠯᠤᠭᠰᠠᠨ ᠠᠴᠠ ᠨᠠᠭᠠᠰᠢ᠂ ᠬᠤᠶᠠᠷ ᠲᠠᠯ᠎ᠠ ᠶᠢᠨ ᠬᠠᠷᠢᠯᠴᠠᠭᠠᠨ ᠤ ᠠᠭᠤᠯᠤᠭᠳᠠᠬᠤᠨ ᠨᠡᠩ ᠪᠠᠶᠠᠯᠢᠭᠵᠢᠵᠤ᠂ ᠠᠭᠤᠯᠬᠤᠨ ᠦᠷᠭᠦᠯᠵᠢᠯᠡᠨ ᠥᠷᠭᠡᠵᠢᠵᠦ᠂ ᠨᠢᠭᠡᠨᠲᠡ ᠳᠤᠮᠳᠠᠳᠤ ᠤᠯᠤᠰ ᠪᠣᠯᠣᠨ ᠡᠸᠦ᠋ᠷᠦᠫᠡ ᠲᠢᠪ ᠤᠨ ᠤᠯᠤᠰ ᠤᠳ ᠤᠨ ᠬᠤᠭᠤᠷᠣᠨᠳᠣᠭᠢ ᠨᠥᠭᠦᠷᠰᠡᠭ ᠬᠠᠷᠢᠯᠴᠠᠭᠠᠨ ᠤ ᠬᠡᠪ ᠳᠠᠭᠤᠷᠢᠶᠠᠯ ᠪᠣᠯᠵᠠᠢ᠃ ᠬᠢᠬᠦ ᠨᠢ ᠬᠡᠯᠡᠬᠦ ᠠᠴᠠ ᠳᠡᠭᠡᠷ᠎ᠡ ᠭᠡᠳᠡᠭ᠃ ᠳᠤᠮᠳᠠᠳᠤ ᠤᠯᠤᠰ ᠳᠤᠷᠠᠲᠠᠶ᠎ᠠ ᠰᠧᠷᠪᠢᠶ᠎ᠠ ᠶᠢᠨ ᠲᠠᠯ᠎ᠠ ᠯᠤᠭ᠎ᠠ ᠬᠠᠮᠲᠤ ᠪᠠᠷ᠂ ᠦᠷᠭᠦᠯᠵᠢᠯᠡᠨ ᠬᠠᠲᠠᠭᠤ ᠪᠡᠷᠬᠡᠰᠢᠶᠡᠯ ᠢ ᠬᠠᠮᠲᠤ ᠪᠠᠷ ᠳᠤᠭᠤᠯᠵᠤ᠂ ᠬᠤᠪᠢ ᠵᠠᠶᠠᠭ᠎ᠠ ᠪᠠᠨ ᠬᠠᠮᠲᠤᠳᠬᠠᠨ᠂ ᠦᠨᠡᠨᠴᠢ ᠨᠥᠬᠦᠷᠯᠡᠯ ᠤᠨ ᠵᠣᠷᠢᠭ ᠰᠠᠨᠠᠭ᠎ᠠ ᠶᠢ ᠪᠠᠷᠢᠮᠲᠠᠯᠠᠵᠤ᠂ ᠳᠤᠮᠳᠠᠳᠤ ᠰᠧᠷᠪᠢᠶ᠎ᠠ ᠶᠢᠨ ᠨᠥᠬᠦᠷᠯᠡᠯ ᠢ ᠪᠠᠷᠢᠮᠲᠠᠯᠠᠨ ᠬᠥᠭᠵᠢᠭᠦᠯᠵᠦ᠂ ᠬᠤᠶᠠᠷ ᠤᠯᠤᠰ ᠤᠨ ᠦᠨᠳᠦᠰᠦᠨ ᠪᠠ ᠠᠯᠤᠰ ᠭᠡᠲᠦ ᠶᠢᠨ ᠠᠰᠢᠭ ᠲᠤᠰᠠ ᠶᠢ ᠬᠠᠮᠲᠤ ᠪᠠᠷ ᠬᠠᠮᠠᠭᠠᠯᠠᠨ᠂ ᠲᠣᠰ ᠲᠣᠰ ᠤᠨ ᠤᠯᠤᠰ ᠤᠨ ᠢᠶᠠᠨ ᠬᠥᠭᠵᠢᠯᠲᠡ ᠪᠠ ᠦᠨᠳᠦᠰᠦᠲᠡᠨ ᠤ ᠬᠥᠭᠵᠢᠯ ᠮᠠᠨᠳᠤᠯ ᠢ ᠮᠥᠷᠥ ᠵᠡᠷᠭᠡᠴᠡᠨ ᠡᠷᠢᠯᠬᠢᠯᠡᠵᠦ᠂ ᠭᠠᠷ ᠬᠤᠯᠪᠣᠨ ᠰᠢᠨ᠎ᠡ ᠴᠠᠭ ᠦᠶ᠎ᠡ ᠶᠢᠨ ᠳᠤᠮᠳᠠᠳᠤ ᠰᠧᠷᠪᠢᠶ᠎ᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠤᠨ᠎ᠠ ᠭᠡᠵᠦ ᠴᠢᠬᠤᠯᠠᠴᠢᠯᠠᠪᠠ᠃     ᠰᠢ ᠶᠢᠨ ᠫᠢᠩ᠂ ᠰᠧᠷᠪᠢᠶ᠎ᠠ ᠪᠣᠯ ᠳᠤᠮᠳᠠᠳᠤ ᠤᠯᠤᠰ ᠤᠨ ᠳᠤᠮᠳᠠ ᠵᠡᠭᠦᠨ ᠡᠸᠦ᠋ᠷᠦᠫᠡ ᠶᠢᠨ ᠭᠠᠵᠠᠷ ᠣᠷᠣᠨ ᠳᠠᠬᠢ ᠠᠩᠬᠠᠳᠠᠭᠴᠢ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠮᠥᠨ᠃ ᠬᠤᠶᠠᠷ ᠲᠠᠯ᠎ᠠ ᠶᠢᠨ ᠬᠠᠮᠲᠤᠷᠠᠯᠴᠠᠭ᠎ᠠ ᠨᠢ ᠲᠤᠰ ᠲᠤᠰ ᠤᠨ ᠬᠥᠭᠵᠢᠯ ᠮᠠᠨᠳᠤᠯ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠵᠦ᠂ ᠬᠤᠶᠠᠷ ᠤᠯᠤᠰ ᠤᠨ ᠠᠷᠠᠳ ᠲᠦᠮᠡᠨ ᠳᠤ ᠦᠨᠡᠨ ᠪᠣᠳᠠᠲᠠᠢ ᠠᠰᠢᠭ ᠬᠦᠷᠲᠡᠭᠡᠪᠡ᠃ ᠰᠢᠨ᠎ᠡ ᠪᠠᠶᠢᠳᠠᠯ ᠳᠣᠣᠷ᠎ᠠ᠂ ᠰᠧᠷᠪᠢᠶ᠎ᠠ ᠨᠢ ᠳᠤᠮᠳᠠᠳᠤ ᠤᠯᠤᠰ ᠯᠤᠭ᠎ᠠ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠬᠠᠮᠲᠤ ᠪᠠᠷ ᠪᠠᠶᠢᠭᠤᠯᠤᠭᠰᠠᠨ ᠠᠩᠬᠠᠳᠠᠭᠴᠢ ᠡᠸᠦ᠋ᠷᠦᠫᠡ ᠲᠢᠪ ᠤᠨ ᠤᠯᠤᠰ ᠪᠣᠯᠵᠤ᠂ ᠳᠤᠮᠳᠠᠳᠤ ᠰᠧᠷᠪᠢᠶ᠎ᠠ ᠶᠢᠨ ᠬᠠᠷᠢᠯᠴᠠᠭ᠎ᠠ ᠶᠢᠨ ᠪᠠᠶᠢᠯᠳᠤᠬᠤ ᠪᠣᠳᠣᠯᠭ᠎ᠠ ᠶᠢᠨ ᠴᠢᠨᠠᠷ᠂ ᠣᠨᠴᠠᠭᠠᠢ ᠴᠢᠨᠠᠷ ᠪᠣᠯᠣᠨ ᠥᠨᠳᠥᠷ ᠲᠦᠪᠰᠢᠨ ᠢ ᠭᠦᠢᠴᠡᠳ ᠢᠯᠡᠷᠡᠭᠦᠯᠪᠡ᠃ ᠰᠢᠨ᠎ᠡ ᠴᠠᠭ ᠦᠶ᠎ᠡ ᠶᠢᠨ ᠳᠤᠮᠳᠠᠳᠤ ᠰᠧᠷᠪᠢᠶ᠎ᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠪᠣᠯ ᠳᠤᠮᠳᠠᠳᠤ ᠰᠧᠷᠪᠢᠶ᠎ᠠ ᠶᠢᠨ ᠦᠨᠡᠨᠴᠢ ᠨᠥᠬᠦᠷᠯᠡᠯ ᠤᠨ ᠳᠡᠭᠡᠭᠰᠢᠯᠡᠯᠲᠡ ᠮᠥᠨ᠂ ᠪᠠᠰᠠ ᠬᠤᠶᠠᠷ ᠲᠠᠯ᠎ᠠ ᠶᠢᠨ ᠬᠠᠮᠲᠤ ᠶᠢᠨ ᠦᠷᠳᠡᠭ ᠤᠨ ᠣᠶᠢᠯᠠᠭᠠᠭᠳᠠᠬᠤᠨ ᠪᠣᠯᠣᠨ ᠬᠠᠷᠠᠯᠲᠠ ᠬᠥᠭᠡᠭᠡᠴᠡᠯᠳᠦᠯ ᠢ ᠲᠥᠯᠥᠭᠡᠯᠡᠵᠦ ᠪᠠᠶᠢᠨ᠎ᠠ᠂ ᠲᠤᠬᠠᠶᠢᠯᠠᠪᠠᠯ ᠬᠥᠭᠵᠢᠯᠲᠡ ᠶᠢ ᠬᠠᠮᠲᠤ ᠪᠠᠷ ᠡᠷᠢᠯᠬᠢᠯᠡᠬᠦ᠂ ᠬᠠᠮᠲᠤᠷᠠᠯᠴᠠᠭ᠎ᠠ ᠬᠢᠵᠦ ᠬᠠᠮᠲᠤ ᠪᠠᠷ ᠠᠰᠢᠭ ᠭᠦᠷᠳᠡᠭᠦ᠂ ᠬᠠᠷᠢᠯᠴᠠᠨ ᠠᠮᠵᠢᠯᠲᠠ ᠪᠦᠲᠦᠮᠵᠢ ᠣᠯᠬᠤ ᠪᠣᠯᠣᠨ᠎ᠠ᠂ ᠡᠨᠡ ᠪᠣᠯ ᠳᠤᠮᠳᠠᠳᠤ ᠰᠧᠷᠪᠢᠶ᠎ᠠ ᠶᠢᠨ ᠬᠤᠶᠠᠷ ᠤᠯᠤᠰ ᠵᠢᠴᠢ ᠳᠡᠯᠡᠬᠡᠢ ᠳᠡᠭᠡᠷᠡᠬᠢ ᠪᠡᠶ᠎ᠡ ᠪᠠᠨ ᠳᠠᠭᠠᠭᠠᠵᠤ ᠡᠵᠡᠨ ᠮᠡᠳᠡᠬᠦ ᠶᠢ ᠪᠠᠷᠢᠮᠲᠠᠯᠠᠵᠤ᠂ ᠡᠩᠬᠡ ᠲᠠᠶᠢᠪᠤᠩ ᠪᠠ ᠬᠥᠭᠵᠢᠯᠲᠡ ᠶᠢ ᠡᠷᠢᠯᠬᠢᠯᠡᠬᠦ ᠤᠯᠤᠰ ᠪᠦᠭᠦᠨ ᠤ ᠬᠠᠮᠲᠤ ᠶᠢᠨ ᠬᠦᠰᠡᠯ ᠡᠷᠡᠮᠡᠯᠵᠡᠯ ᠪᠣᠯᠣᠨ᠎ᠠ᠃ ᠬᠤᠶᠠᠷ ᠲᠠᠯ᠎ᠠ ᠪᠠᠷ ᠢᠶᠠᠨ ᠰᠢᠨ᠎ᠡ ᠴᠠᠭ ᠦᠶ᠎ᠡ ᠶᠢᠨ ᠳᠤᠮᠳᠠᠳᠤ ᠰᠧᠷᠪᠢᠶ᠎ᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠪᠠᠷ ᠳᠠᠮᠵᠢᠭᠤᠯᠵᠤ᠂ ︽ᠨᠢᠭᠡ ᠪᠦᠰᠡ ᠨᠢᠭᠡ ᠵᠠᠮ︾᠎ ᠢ ᠬᠠᠮᠲᠤ ᠪᠠᠷ ᠪᠦᠲᠦᠭᠡᠨ ᠪᠠᠶᠢᠭᠤᠯᠬᠤ ᠪᠠ ᠳᠤᠮᠳᠠᠳᠤ ᠤᠯᠤᠰ – ᠳᠤᠮᠳᠠ ᠵᠡᠭᠦᠨ ᠡᠸᠦ᠋ᠷᠦᠫᠡ ᠶᠢᠨ ᠤᠯᠤᠰ ᠤᠳ ᠤᠨ ᠬᠠᠮᠲᠤᠷᠠᠯᠴᠠᠭ᠎ᠠ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠦᠨ ᠥᠷᠭᠡᠳᠬᠡᠵᠦ᠂ ᠬᠤᠶᠠᠷ ᠤᠯᠤᠰ ᠤᠨ ᠲᠣᠰ ᠲᠣᠰ ᠤᠨ ᠣᠳᠣᠬᠢᠴᠢᠯᠠᠯᠲᠠ ᠶᠢᠨ ᠠᠬᠢᠴᠠ ᠳᠤ ᠬᠦᠴᠦᠨ ᠨᠡᠮᠡᠷᠢᠯᠡᠶ᠎ᠡ᠃      ᠨᠢᠭᠡᠳᠦᠭᠡᠷ ᠲᠤ᠂ ᠬᠤᠶᠠᠷ ᠤᠯᠤᠰ ᠤᠨ ᠬᠠᠷᠢᠯᠴᠠᠭᠠᠨ ᠤ ᠪᠠᠶᠢᠯᠳᠤᠬᠤ ᠪᠣᠳᠣᠯᠭ᠎ᠠ ᠶᠢᠨ ᠴᠢᠨᠠᠷ ᠢ ᠲᠤᠪᠤᠶᠢᠯᠭᠠᠵᠥ᠂ ᠬᠤᠶᠠᠷ ᠲᠠᠯ᠎ᠠ ᠶᠢᠨ ᠬᠠᠷᠢᠯᠴᠠᠭᠠᠨ ᠤ ᠶᠡᠭᠡ ᠴᠢᠭᠯᠡᠯ ᠢ ᠡᠵᠡᠮᠳᠡᠶ᠎ᠡ᠃ ᠳᠤᠮᠳᠠᠳᠤ ᠤᠯᠤᠰ ᠰᠧᠷᠪᠢᠶ᠎ᠠ ᠶᠢᠨ ᠬᠢᠨ ᠪᠡᠶ᠎ᠡ ᠪᠠᠨ ᠳᠠᠭᠠᠭᠠᠵᠤ ᠡᠵᠡᠨ ᠮᠡᠳᠡᠬᠦ ᠶᠢ ᠪᠠᠷᠢᠮᠲᠠᠯᠠᠵᠤ᠂ ᠲᠤᠰ ᠤᠯᠤᠰ ᠤᠨ ᠢᠶᠠᠨ ᠪᠠᠶᠢᠳᠠᠯ ᠳᠤ ᠲᠣᠬᠢᠷᠠᠭᠰᠠᠨ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠲᠡᠮᠵᠢᠵᠥ᠂ ᠰᠧᠷᠪᠢᠶ᠎ᠠ ᠶᠢᠨ ᠤᠯᠤᠰ ᠤᠨ ᠢᠶᠠᠨ ᠡᠷᠬᠡ ᠮᠡᠳᠡᠯ ᠪᠣᠯᠣᠨ ᠨᠤᠲᠤᠭ ᠳᠡᠪᠢᠰᠬᠡᠷ ᠤᠨ ᠪᠦᠷᠢᠨ ᠪᠦᠲᠦᠨ ᠪᠠᠶᠢᠬᠤ ᠶᠢ ᠬᠠᠮᠠᠭᠠᠯᠠᠬᠤ ᠴᠢᠷᠮᠠᠶᠢᠯᠭ᠎ᠠ ᠶᠢ ᠲᠡᠮᠵᠢᠨ᠎ᠡ᠃ ᠬᠤᠶᠠᠷ ᠲᠠᠯ᠎ᠠ ᠪᠠᠷ ᠢᠶᠠᠨ ᠦᠷᠭᠦᠯᠵᠢᠯᠡᠨ ᠡᠷᠡᠰ ᠳᠡᠮᠵᠢᠯᠴᠡᠵᠦ᠂ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠲᠣᠰ ᠲᠣᠰ ᠤᠨ ᠤᠯᠤᠰ ᠲᠥᠷᠥ ᠶᠢᠨ ᠠᠮᠤᠷ ᠲᠦᠪᠰᠢᠨ ᠪᠣᠯᠣᠨ ᠦᠨᠳᠦᠰᠦᠨ ᠠᠰᠢᠭ ᠲᠤᠰᠠ ᠪᠠᠨ ᠰᠠᠶᠢᠲᠤᠷ ᠬᠠᠮᠠᠭᠠᠯᠠᠶ᠎ᠠ᠃      ᠬᠤᠶᠠᠳᠤᠭᠠᠷ ᠲᠤ᠂ ᠬᠤᠶᠠᠷ ᠤᠯᠤᠰ ᠤᠨ ᠬᠠᠮᠲᠤᠷᠠᠯᠴᠠᠭᠠᠨ ᠤ ᠪᠣᠳᠠᠲᠠᠢ ᠶᠢ ᠡᠷᠭᠢᠮᠯᠡᠭᠦ ᠴᠢᠨᠠᠷ ᠢ ᠪᠠᠷᠢᠮᠲᠠᠯᠠᠵᠤ᠂ ᠬᠤᠶᠠᠷ ᠤᠯᠤᠰ ᠤᠨ ᠠᠷᠠᠳ ᠲᠦᠮᠡᠨ ᠳᠤ ᠪᠤᠶᠠᠨ ᠵᠢᠷᠭᠠᠯ ᠬᠦᠷᠲᠡᠭᠡᠶ᠎ᠡ᠃ ᠳᠤᠮᠳᠠᠳᠤ ᠰᠧᠷᠪᠢᠶ᠎ᠠ ᠶᠢᠨ ︽ᠨᠢᠭᠡ ᠪᠦᠰᠡ ᠨᠢᠭᠡ ᠵᠠᠮ︾᠎ ᠢ ᠬᠠᠮᠲᠤ ᠪᠠᠷ ᠴᠢᠨᠠᠷ ᠰᠠᠶᠢᠲᠠᠢ ᠪᠦᠲᠦᠭᠡᠨ ᠪᠠᠶᠢᠭᠤᠯᠬᠤ ᠬᠠᠮᠲᠤᠷᠠᠯᠴᠠᠭ᠎ᠠ ᠪᠠᠶᠠᠷᠯᠠᠭᠤᠰᠢᠲᠠᠢ ᠦᠷ᠎ᠡ ᠪᠦᠲᠦᠮᠵᠢ ᠣᠯᠪᠠ᠃ ᠬᠤᠶᠠᠷ ᠲᠠᠯ᠎ᠠ ᠪᠠᠷ ᠢᠶᠠᠨ ᠵᠠᠮ ᠬᠠᠷᠢᠯᠴᠠᠭ᠎ᠠ ᠪᠣᠯᠣᠨ ᠡᠨᠧᠷᠭᠢ ᠶᠢᠨ ᠰᠠᠭᠤᠷᠢ ᠲᠥᠬᠦᠭᠡᠷᠦᠮᠵᠢ ᠵᠡᠷᠭᠡ ᠤᠯᠠᠮᠵᠢᠯᠠᠯᠲᠤ ᠬᠦᠷᠢᠶᠡᠨ ᠤ ᠬᠠᠮᠲᠤᠷᠠᠯᠴᠠᠭ᠎ᠠ ᠶᠢ ᠯᠠᠪᠳᠠᠭᠤᠨ ᠪᠠᠲᠤᠲᠠᠢ ᠠᠬᠢᠭᠤᠯᠵᠤ᠂ ᠬᠠᠩᠭᠠᠷᠢ ᠰᠧᠷᠪᠢᠶ᠎ᠠ ᠶᠢᠨ ᠲᠡᠮᠦᠷ ᠵᠠᠮ ᠤᠨ ᠰᠧᠷᠪᠢᠶ᠎ᠠ ᠶᠢᠨ ᠬᠡᠰᠡᠭ ᠤᠨ ᠪᠦᠭᠦ ᠱᠤᠭᠤᠮ ᠢᠶᠠᠷ ᠲᠡᠷᠭᠡ ᠨᠡᠪᠲᠡᠷᠡᠬᠦ ᠬᠠᠷᠠᠯᠲᠠ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠵᠦ᠂ ᠬᠤᠶᠠᠷ ᠤᠯᠤᠰ ᠤᠨ ᠬᠠᠮᠲᠤᠷᠠᠯᠴᠠᠭᠠᠨ ᠤ ᠶᠡᠭᠡ ᠲᠦᠷᠦᠯ ᠵᠦᠢᠯ ᠢ ᠬᠠᠮᠲᠤ ᠪᠠᠷ ᠰᠠᠶᠢᠲᠤᠷ ᠡᠵᠡᠩᠨᠡᠵᠦ᠂ ︽ᠪᠠᠭ᠎ᠠ ᠠᠳᠠᠯ᠎ᠠ ᠭᠤᠶᠤ︾ ᠠᠷᠠᠳ ᠤᠨ ᠠᠮᠢᠳᠤᠷᠠᠯ ᠤᠨ ᠨᠡᠩ ᠤᠯᠠᠨ ᠲᠦᠷᠦᠯ ᠵᠦᠢᠯ ᠢ ᠴᠣᠭᠴᠠᠯᠠᠵᠤ᠂ ᠢᠳᠡᠪᠬᠢᠲᠡᠢ ᠠᠵᠤ ᠠᠬᠤᠢ ᠨᠡᠶᠢᠭᠡᠮ ᠤᠨ ᠦᠷ᠎ᠡ ᠠᠰᠢᠭ ᠢ ᠦᠷᠭᠦᠯᠵᠢᠯᠡᠨ ᠪᠠᠳᠠᠷᠠᠭᠤᠯᠤᠶ᠎ᠠ᠃ ᠳᠤᠮᠳᠠᠳᠤ ᠰᠧᠷᠪᠢᠶ᠎ᠠ ᠶᠢᠨ ᠴᠢᠯᠦᠭᠡᠲᠦ ᠠᠷᠠᠯᠵᠢᠶᠠᠨ ᠤ ᠵᠥᠪᠳᠡᠯᠴᠡᠭᠡᠷ ᠡᠨᠡ ᠵᠢᠯ ᠤᠨ 7 ᠰᠠᠷ᠎ᠠ ᠶᠢᠨ 1᠎ ᠤ ᠡᠳᠦᠷ ᠬᠦᠴᠦᠨ ᠲᠠᠢ ᠪᠣᠯᠣᠨ᠎ᠠ᠂ ᠳᠤᠮᠳᠠᠳᠤ ᠰᠧᠷᠪᠢᠶ᠎ᠠ ᠶᠢᠨ ᠥᠨᠳᠥᠷ ᠲᠦᠪᠰᠢᠨ ᠪᠦᠬᠦᠢ ᠬᠠᠷᠢᠯᠴᠠᠨ ᠨᠡᠭᠡᠭᠡᠯᠲᠡ ᠬᠢᠬᠦ ᠨᠢ ᠯᠠᠪᠲᠠᠢ ᠰᠢᠨ᠎ᠡ ᠱᠠᠲᠤᠨ ᠳᠤ ᠣᠷᠣᠬᠤ ᠪᠣᠯᠣᠨ᠎ᠠ᠃ ᠳᠤᠮᠳᠠᠳᠤ ᠤᠯᠤᠰ ᠤᠨ ᠬᠢᠨ ᠰᠧᠷᠪᠢᠶ᠎ᠠ ᠶᠢᠨ ᠥᠪᠡᠷᠮᠢᠴᠡ ᠣᠨᠴᠠᠯᠢᠭᠲᠤ ᠴᠢᠨᠠᠷ ᠰᠠᠶᠢᠲᠠᠢ ᠲᠠᠷᠢᠶᠠᠯᠠᠩ ᠤᠨ ᠪᠦᠲᠦᠭᠡᠭᠳᠡᠬᠦᠨ ᠢ ᠣᠷᠣᠭᠤᠯᠬᠤ ᠪᠠᠨ ᠦᠷᠭᠦᠯᠵᠢᠯᠡᠨ ᠥᠷᠭᠡᠳᠬᠡᠵᠦ᠂ ᠳᠤᠷᠠᠲᠠᠶ᠎ᠠ ᠢᠷᠡᠬᠦ 3 ᠵᠢᠯ ᠳᠤ ᠰᠧᠷᠪᠢᠶ᠎ᠠ ᠶᠢᠨ 300 ᠵᠠᠯᠠᠭᠤᠴᠤᠳ ᠪᠠᠭᠠᠴᠤᠳ ᠢ ᠳᠤᠮᠳᠠᠳᠤ ᠤᠯᠤᠰ ᠲᠤ ᠤᠷᠢᠵᠤ ᠰᠤᠷᠤᠯᠴᠠᠭᠤᠯᠤᠨ ᠰᠣᠯᠢᠯᠴᠠᠭᠤᠯᠤᠨ᠎ᠠ᠃ ᠰᠧᠷᠪᠢᠶ᠎ᠠ ᠶᠢᠨ ᠬᠢᠨ ᠪᠧᠯᠭᠷᠠᠳ᠋ ᠠᠴᠠ ᠱᠠᠩᠬᠠᠢ ᠳᠤ ᠰᠢᠭᠤᠳ ᠬᠦᠷᠬᠦ ᠠᠶᠠᠯᠠᠯ ᠤᠨ ᠱᠤᠭᠤᠮ ᠢ ᠨᠡᠮᠡᠨ ᠲᠣᠬᠢᠷᠠᠭᠤᠯᠵᠤ᠂ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠢ ᠪᠠᠶᠠᠷᠯᠠᠨ ᠤᠭᠲᠤᠵᠤ ᠪᠠᠶᠢᠨ᠎ᠠ᠃      ᠭᠤᠷᠪᠠᠳᠤᠭᠠᠷ ᠲᠤ᠂ ᠬᠤᠶᠠᠷ ᠤᠯᠤᠰ ᠤᠨ ᠬᠠᠷᠢᠯᠴᠠᠭᠠᠨ ᠤ ᠰᠢᠨ᠎ᠡ ᠶᠢ ᠡᠭᠦᠳᠬᠦ ᠴᠢᠨᠠᠷ ᠢ ᠪᠠᠳᠠᠷᠠᠭᠤᠯᠵᠤ᠂ ᠰᠢᠨ᠎ᠡ ᠬᠠᠮᠲᠤᠷᠠᠯᠴᠠᠭᠠᠨ ᠤ ᠢᠷᠡᠭᠡᠳᠦᠢ ᠶᠢ ᠨᠡᠭᠡᠭᠡᠵᠦ᠂ ᠰᠢᠨ᠎ᠡ ᠶᠢ ᠡᠭᠦᠳᠬᠦ ᠬᠠᠮᠲᠤᠷᠠᠯᠴᠠᠭ᠎ᠠ ᠶᠢ ᠬᠤᠶᠠᠷ ᠲᠠᠯ᠎ᠠ ᠶᠢᠨ ᠬᠠᠷᠢᠯᠴᠠᠭᠠᠨ ᠤ ᠰᠢᠨ᠎ᠡ ᠨᠡᠮᠡᠭᠳᠡᠯ ᠤᠨ ᠴᠡᠭ ᠪᠣᠯᠭᠠᠶ᠎ᠠ᠃ ᠳᠤᠮᠳᠠᠳᠤ ᠤᠯᠤᠰ ᠢᠷᠡᠭᠡᠳᠦᠢ ᠶᠢᠨ 3 ᠵᠢᠯ ᠳᠤ ᠰᠧᠷᠪᠢᠶ᠎ᠠ ᠶᠢᠨ 50 ᠵᠠᠯᠠᠭᠤ ᠰᠢᠨᠵᠢᠯᠡᠬᠦ ᠤᠬᠠᠭᠠᠨᠲᠠᠨ ᠤ ᠳᠤᠮᠳᠠᠳᠤ ᠤᠯᠤᠰ ᠲᠤ ᠰᠢᠨᠵᠢᠯᠡᠬᠦ ᠤᠬᠠᠭᠠᠨ ᠤ ᠰᠤᠳᠤᠯᠭᠠᠨ ᠤ ᠰᠣᠯᠢᠯᠴᠠᠭ᠎ᠠ ᠠᠶᠢᠯᠴᠢᠯᠠᠯᠲᠠ ᠬᠢᠬᠦ ᠶᠢ ᠳᠡᠮᠵᠢᠨ᠎ᠠ᠂ ᠳᠤᠷᠠᠲᠠᠶ᠎ᠠ ᠰᠧᠷᠪᠢᠶ᠎ᠠ ᠶᠢᠨ ᠬᠢᠨ ᠲᠠᠢ ᠵᠣᠬᠢᠶᠠᠮᠠᠯ ᠤᠶᠤᠨ ᠴᠢᠳᠠᠪᠤᠷᠢ ᠶᠢᠨ ᠬᠦᠷᠢᠶᠡᠨ ᠳᠠᠬᠢ ᠬᠠᠮᠲᠤᠷᠠᠯᠴᠠᠭ᠎ᠠ ᠪᠠᠨ ᠴᠢᠩᠭᠠᠳᠬᠠᠵᠤ᠂ ᠪᠦᠭᠦ ᠬᠥᠮᠥᠨ ᠲᠥᠷᠥᠯᠬᠢᠲᠡᠨ ᠤ ᠵᠣᠬᠢᠶᠠᠮᠠᠯ ᠤᠶᠤᠨ ᠴᠢᠳᠠᠪᠤᠷᠢ ᠶᠢ ᠵᠦᠢ ᠵᠣᠬᠢᠰᠲᠠᠢ ᠬᠥᠭᠵᠢᠭᠦᠯᠬᠦ ᠪᠠ ᠬᠡᠷᠡᠭᠯᠡᠬᠦ ᠶᠢ ᠠᠬᠢᠭᠤᠯᠤᠨ᠎ᠠ᠃ ᠡᠵᠡᠷᠬᠡᠬᠦ ᠦᠵᠡᠯ ᠪᠠ ᠬᠦᠴᠦᠷᠬᠡᠭᠯᠡᠯ ᠤᠨ ᠤᠯᠤᠰ ᠲᠦᠷᠦ ᠶᠢ ᠬᠠᠮᠲᠤ ᠪᠠᠷ ᠡᠰᠡᠷᠭᠦᠴᠡᠵᠦ᠂ ᠪᠦᠯᠦᠭᠯᠡᠯ ᠤᠨ ᠤᠯᠤᠰ ᠲᠦᠷᠦ ᠪᠠ ᠯᠡᠭᠧᠷ ᠤᠨ ᠡᠰᠡᠷᠭᠦᠴᠡᠯᠳᠦᠯ ᠢ ᠬᠠᠮᠲᠤ ᠪᠠᠷ ᠡᠰᠡᠷᠭᠦᠴᠡᠵᠦ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ ᠳᠦᠷᠢᠮ ᠤᠨ ᠵᠣᠷᠢᠯᠲᠠ ᠪᠠ ᠵᠠᠷᠴᠢᠮ ᠢ ᠬᠠᠮᠠᠭᠠᠯᠠᠵᠤ᠂ ᠵᠢᠩᠬᠢᠨᠢ ᠤᠯᠠᠨ ᠲᠠᠯᠠᠲᠤ ᠦᠵᠡᠯ ᠢ ᠦᠢᠯᠡᠳᠦᠯᠭᠡᠵᠢᠭᠦᠯᠵᠦ᠂ ᠤᠯᠠᠨ ᠤᠯᠤᠰ ᠤᠨ ᠲᠥᠪ ᠭᠤᠣᠯᠴᠢ ᠰᠢᠳᠤᠷᠭᠤ ᠶᠣᠰᠣ ᠶᠢ ᠠᠬᠢᠭᠤᠯᠤᠶ᠎ᠠ ᠭᠡᠵᠦ ᠴᠢᠬᠤᠯᠠᠴᠢᠯᠠᠪᠠ᠃     ᠦᠴᠢᠴᠢ ᠲᠡᠷᠢᠭᠦᠯᠡᠭᠴᠢ ᠰᠢ ᠶᠢᠨ ᠫᠢᠩ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠵᠦ᠂ ᠳᠤᠮᠳᠠᠳᠤ ᠤᠯᠤᠰ ᠪᠣᠯ ᠰᠧᠷᠪᠢᠶ᠎ᠠ ᠶᠢᠨ ᠬᠠᠮᠤᠭ ᠤᠨ ᠴᠢᠩ ᠦᠨᠡᠨᠴᠢ ᠨᠠᠶᠢᠵᠠ ᠮᠥᠨ᠃ ᠰᠧᠷᠪᠢᠶ᠎ᠠ ᠪᠣᠯ ᠵᠢᠵᠢᠭ ᠤᠯᠤᠰ ᠶᠤᠮ᠂ ᠭᠡᠪᠡᠴᠦ ᠳᠤᠮᠳᠠᠳᠤ ᠤᠯᠤᠰ ᠰᠧᠷᠪᠢᠶ᠎ᠠ ᠶᠢᠨ ᠡᠷᠬᠡ ᠮᠡᠳᠡᠯ ᠪᠣᠯᠣᠨ ᠨᠤᠲᠤᠭ ᠳᠡᠪᠢᠰᠬᠡᠷ ᠤᠨ ᠪᠦᠷᠢᠨ ᠪᠦᠲᠦᠨ ᠪᠠᠶᠢᠬᠤ ᠶᠢ ᠢᠮᠠᠭᠲᠠ ᠭᠦᠢᠴᠡᠳ ᠭᠦᠨᠳᠦᠳᠭᠡᠵᠦ᠂ ᠰᠧᠷᠪᠢᠶ᠎ᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠡᠷᠬᠢᠮ ᠨᠠᠨᠳᠢᠨ ᠳᠡᠮᠵᠢᠯᠭᠡ ᠬᠠᠩᠭᠠᠵᠠᠢ᠃ ᠲᠡᠷᠢᠭᠦᠯᠡᠭᠴᠢ ᠰᠢ ᠶᠢᠨ ᠫᠢᠩ ᠪᠣᠯ ᠠᠭᠤᠤ ᠶᠡᠭᠡ ᠳᠡᠯᠡᠬᠡᠢ ᠶᠢᠨ ᠤᠳᠤᠷᠢᠳᠤᠭᠴᠢ ᠮᠥᠨ᠃ ᠲᠡᠷᠢᠭᠦᠯᠡᠭᠴᠢ ᠰᠢ ᠶᠢᠨ ᠫᠢᠩ ᠤᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠳᠡᠯᠡᠬᠡᠢ ᠳ᠋ᠠᠬᠢᠨ ᠤ ᠠᠩᠬᠠᠷᠤᠯ ᠢ ᠲᠠᠲᠠᠭᠰᠠᠨ ᠠᠮᠵᠢᠯᠲᠠ ᠪᠦᠲᠦᠮᠵᠢ ᠣᠯᠵᠤ᠂ ᠳᠡᠯᠡᠬᠡᠢ ᠶᠢᠨ ᠬᠥᠭᠵᠢᠯᠲᠡ ᠲᠠᠪᠰᠢᠯᠳᠠ ᠶᠢᠨ ᠬᠡᠷᠡᠯᠳᠦ ᠴᠠᠮᠬᠠᠭ ᠪᠣᠯᠵᠤ᠂ ᠳᠡᠯᠡᠬᠡᠢ ᠶᠢᠨ ᠬᠡᠷᠡᠭ ᠶᠠᠪᠤᠳᠠᠯ ᠳᠤ ᠡᠳᠦᠷ ᠢᠷᠡᠬᠦᠶ᠎ᠡ ᠴᠢᠬᠤᠯᠠ ᠤᠳᠤᠷᠢᠳᠬᠤ ᠦᠢᠯᠡᠳᠦᠯ ᠦᠵᠡᠭᠦᠯᠵᠦ ᠪᠠᠶᠢᠨ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠳᠤᠮᠳᠠᠳᠤ ᠤᠯᠤᠰ ᠤᠨ ᠠᠷᠠᠳ ᠲᠦᠮᠡᠨ ᠳᠤ ᠵᠣᠯ ᠵᠢᠷᠭᠠᠯ ᠣᠯᠭᠤᠬᠤ ᠪᠥᠭᠡᠳ ᠪᠠᠰᠠ ᠳᠡᠯᠡᠬᠡᠢ ᠶᠢᠨ ᠠᠷᠠᠳ ᠲᠦᠮᠡᠨ ᠳᠤ ᠠᠰᠢᠭ ᠲᠤᠰᠠ ᠣᠯᠭᠤᠬᠤ ᠪᠣᠯᠣᠨ᠎ᠠ᠃ ᠰᠧᠷᠪᠢᠶ᠎ᠠ ᠶᠢᠨ ᠠᠷᠠᠳ ᠲᠦᠮᠡᠨ ᠳᠤᠮᠳᠠᠳᠤ ᠤᠯᠤᠰ ᠢᠯᠠᠩᠭᠤᠶ᠎ᠠ ᠲᠡᠷᠢᠭᠦᠯᠡᠭᠴᠢ ᠰᠢ ᠶᠢᠨ ᠫᠢᠩ ᠳᠤ ᠮᠠᠰᠢ ᠲᠠᠯᠠᠷᠬᠠᠨ ᠭᠦᠨᠳᠤᠳᠭᠡᠵᠤ᠂ ᠳᠤᠮᠳᠠᠳᠤ ᠤᠯᠤᠰ ᠰᠢᠭ᠋ ᠡᠶᠢᠮᠦ ᠠᠭᠤᠤ ᠶᠡᠭᠡ ᠤᠯᠤᠰ ᠯᠤᠭ᠎ᠠ ᠦᠨᠡᠨᠴᠢ ᠨᠠᠶᠢᠵᠠ ᠪᠣᠯᠣᠯᠴᠠᠭᠰᠠᠨ ᠳᠠᠭᠠᠨ ᠴᠢᠩ ᠰᠡᠳᠬᠢᠯ ᠠᠴᠠ ᠪᠠᠨ ᠣᠮᠣᠭᠰᠢᠵᠤ ᠪᠠᠶᠢᠨ᠎ᠠ᠃ ᠰᠧᠷᠪᠢᠶ᠎ᠠ ᠶᠢᠨ ᠬᠢᠨ ᠲᠠᠶᠢᠸᠠᠨ ᠵᠡᠷᠭᠡ ᠭᠤᠣᠯᠯᠠᠬᠤ ᠠᠰᠢᠭ ᠲᠤᠰᠠ ᠶᠢᠨ ᠠᠰᠠᠭᠤᠳᠠᠯ ᠳᠡᠭᠡᠷᠡᠬᠢ ᠲᠤᠮᠳᠠᠳᠤ ᠤᠯᠤᠰ ᠤᠨ ᠵᠦᠢ ᠶᠣᠰᠣᠨ ᠤ ᠵᠣᠭᠰᠣᠯᠲᠠ ᠶᠢ ᠡᠷᠡᠰ ᠳᠡᠮᠵᠢᠨ᠎ᠠ᠃ ᠳᠡᠯᠡᠬᠡᠢ ᠳᠡᠭᠡᠷ᠎ᠡ ᠨᠢᠭᠡ ᠯᠡ ᠳᠤᠮᠳᠠᠳᠤ ᠤᠯᠤᠰ ᠪᠠᠶᠢᠨ᠎ᠠ᠂ ᠰᠧᠷᠪᠢᠶ᠎ᠠ ᠶᠢᠨ ᠬᠢᠨ ᠦᠷᠭᠦᠯᠵᠢᠯᠡᠨ ᠭᠤᠶᠢᠪᠢᠰᠢ ᠦᠭᠡᠢ ᠪᠠᠷ ᠳᠤᠮᠳᠠᠳᠤ ᠤᠯᠤᠰ ᠢ ᠡᠷᠡᠰ ᠳᠡᠮᠵᠢᠨ᠎ᠠ ᠭᠡᠵᠦ ᠢᠯᠡᠳᠬᠡᠪᠡ᠃      ᠥᠴᠢᠴᠢ᠂ ᠳᠤᠮᠳᠠᠳᠤ ᠤᠯᠤᠰ ᠤᠨ ᠪᠡᠯᠡ ᠣᠷᠣᠭᠤᠯᠤᠯᠲᠠ ᠪᠣᠯᠣᠨ ᠬᠠᠮᠲᠤᠷᠠᠯᠴᠠᠭ᠎ᠠ ᠨᠢ ᠰᠧᠷᠪᠢᠶ᠎ᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠶᠡᠭᠡ ᠪᠠᠷ ᠠᠬᠢᠭᠤᠯᠤᠭᠰᠠᠨ ᠪᠥᠭᠡᠳ ᠰᠧᠷᠪᠢᠶ᠎ᠠ ᠶᠢᠨ ᠠᠷᠠᠳ ᠲᠦᠮᠡᠨ ᠤ ᠠᠮᠢᠳᠤᠷᠠᠯ ᠤᠨ ᠲᠦᠪᠰᠢᠨ ᠢ ᠴᠦ ᠳᠡᠭᠡᠭᠰᠢᠯᠡᠭᠦᠯᠪᠡ᠃ ᠢᠯᠠᠩᠭᠤᠶ᠎ᠠ 2016 ᠣᠨ ᠠᠴᠠ ᠨᠠᠭᠠᠰᠢ᠂ ᠲᠡᠷᠢᠭᠦᠯᠡᠭᠴᠢ ᠰᠢ ᠶᠢᠨ ᠫᠢᠩ ᠤᠨ ᠬᠠᠯᠠᠮᠵᠢᠯᠠᠯ ᠪᠠ ᠳᠡᠮᠵᠢᠯᠭᠡ ᠳᠣᠣᠷ᠎ᠠ᠂ ᠾᠧ ᠭᠠᠩ ᠪᠦᠯᠦᠭᠯᠡᠯ ᠤᠨ ᠰᠧᠮᠸᠢᠢᠯᠸᠢᠢᠸᠧ ᠪᠣᠯᠣᠳ ᠲᠡᠮᠦᠷ ᠤᠨ ᠦᠢᠯᠡᠳᠪᠦᠷᠢ ᠯᠤᠲᠤ ᠶᠡᠭᠡ ᠠᠵᠤ ᠠᠬᠤᠢ ᠨᠡᠶᠢᠭᠡᠮ ᠤᠨ ᠦᠷ᠎ᠡ ᠠᠰᠢᠭ ᠣᠯᠵᠤ᠂ ᠪᠣᠯᠣᠳ ᠲᠡᠮᠦᠷ ᠤᠨ ᠦᠢᠯᠡᠳᠪᠦᠷᠢ ᠶᠢᠨ ᠬᠤᠪᠢ ᠵᠠᠶᠠᠭ᠎ᠠ ᠶᠢ ᠲᠦᠢᠯᠪᠤᠷᠢᠲᠠᠢ ᠬᠤᠪᠢᠷᠠᠭᠤᠯᠤᠭᠰᠠᠨ ᠪᠥᠭᠡᠳ ᠠᠷᠠᠳ ᠤᠯᠠᠨ ᠤ ᠢᠲᠡᠭᠡᠯ ᠵᠣᠷᠢᠭ ᠪᠠ ᠬᠦᠰᠡᠯ ᠡᠷᠡᠮᠡᠯᠵᠡᠯ ᠢ ᠨᠡᠮᠡᠭᠳᠡᠭᠦᠯᠦᠭᠰᠡᠨ ᠪᠠᠶᠢᠨ᠎ᠠ᠃ ᠰᠧᠷᠪᠢᠶ᠎ᠠ ᠶᠢᠨ ᠢᠷᠡᠭᠡᠳᠦᠢ ᠳᠤᠮᠳᠠᠳᠤ ᠤᠯᠤᠰ ᠲᠠᠢ ᠨᠢᠭᠲᠠ ᠬᠤᠯᠪᠤᠭ᠎ᠠ ᠲᠠᠢ᠃ ᠰᠧᠷᠪᠢᠶ᠎ᠠ ᠶᠢᠨ ᠬᠢᠨ ᠳᠤᠮᠳᠠᠳᠤ ᠤᠯᠤᠰ ᠯᠤᠭ᠎ᠠ ᠡᠯ᠎ᠡ ᠬᠦᠷᠢᠶ᠎ᠡ᠂ ᠡᠯ᠎ᠡ ᠲᠡᠰ ᠳᠠᠪᠬᠤᠷᠭ᠎ᠠ ᠶᠢᠨ ᠰᠣᠯᠢᠯᠴᠠᠭ᠎ᠠ ᠪᠠᠨ ᠨᠢᠭᠲᠠᠷᠠᠭᠤᠯᠵᠤ᠂ ᠰᠠᠭᠤᠷᠢ ᠲᠥᠬᠦᠭᠡᠷᠦᠮᠵᠢ᠂ ᠰᠢᠨ᠎ᠡ ᠡᠨᠧᠷᠭᠢ᠂ ᠰᠢᠨ᠎ᠡ ᠶᠢ ᠡᠭᠦᠳᠬᠦ᠂ ᠵᠣᠬᠢᠶᠠᠮᠠᠯ ᠤᠶᠤᠨ ᠴᠢᠳᠠᠪᠤᠷᠢ᠂ ᠰᠣᠶᠣᠯ ᠢᠷᠭᠡᠨᠰᠢᠯ ᠵᠡᠷᠭᠡ ᠡᠯ᠎ᠡ ᠬᠦᠷᠢᠶᠡᠨ ᠤ ᠬᠠᠮᠲᠤᠷᠠᠯᠴᠠᠭ᠎ᠠ ᠪᠠᠨ ᠴᠢᠩᠭᠠᠳᠬᠠᠬᠤ ᠶᠢ ᠬᠦᠰᠡᠵᠦ ᠪᠠᠶᠢᠨ᠎ᠠ᠃ ︽ᠨᠢᠭᠡ ᠪᠦᠰᠡ ᠨᠢᠭᠡ ᠵᠠᠮ︾᠎ ᠢ ᠬᠠᠮᠲᠤ ᠪᠠᠷ ᠴᠢᠨᠠᠷ ᠰᠠᠶᠢᠲᠠᠢ ᠪᠦᠲᠦᠭᠡᠨ ᠪᠠᠶᠢᠭᠤᠯᠬᠤ ᠶᠢ ᠢᠳᠡᠪᠬᠢᠲᠡᠢ ᠠᠬᠢᠭᠤᠯᠵᠤ᠂ ᠬᠠᠩᠭᠠᠷᠢ ᠰᠧᠷᠪᠢᠶ᠎ᠠ ᠶᠢᠨ ᠲᠡᠮᠦᠷ ᠵᠠᠮ ᠤᠨ ᠰᠧᠷᠪᠢᠶ᠎ᠠ ᠶᠢᠨ ᠬᠡᠰᠡᠭ ᠤᠨ ᠪᠦᠲᠦᠭᠡᠨ ᠪᠠᠶᠢᠭᠤᠯᠤᠯᠲᠠ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠵᠦ᠂ ᠨᠡᠩ ᠤᠯᠠᠨ ᠳᠤᠮᠳᠠᠳᠤ ᠤᠯᠤᠰ ᠤᠨ ᠠᠵᠤ ᠠᠬᠤᠶᠢᠯᠠᠯ ᠤᠨ ᠰᠧᠷᠪᠢᠶ᠎ᠠ ᠳᠤ ᠢᠷᠡᠵᠦ ᠪᠡᠯᠡ ᠣᠷᠣᠭᠤᠯᠤᠨ ᠬᠠᠮᠲᠤᠷᠠᠯᠴᠠᠭ᠎ᠠ ᠬᠢᠬᠦ ᠶᠢ ᠪᠠᠶᠠᠷᠯᠠᠨ ᠤᠭᠲᠤᠵᠤ᠂ ᠬᠤᠶᠠᠷ ᠤᠯᠤᠰ ᠤᠨ ᠬᠤᠭᠤᠷᠣᠨᠳᠤ ᠨᠡᠩ ᠤᠯᠠᠨ ᠰᠢᠭᠤᠳ ᠨᠡᠪᠲᠡᠷᠡᠬᠦ ᠠᠭᠠᠷ ᠤᠨ ᠠᠶᠠᠯᠠᠯ ᠤᠨ ᠱᠤᠭᠤᠮ ᠨᠠᠪᠲᠠᠷᠡᠭᠦᠯᠵᠦ᠂ ᠰᠧᠷᠪᠢᠶ᠎ᠠ ᠳᠤᠮᠳᠠᠳᠤ ᠶᠢᠨ ᠴᠢᠯᠦᠭᠡᠲᠦ ᠠᠷᠠᠯᠵᠢᠶᠠᠨ ᠤ ᠵᠥᠪᠳᠡᠯᠴᠡᠭᠡᠷ ᠬᠦᠴᠦᠨ ᠲᠠᠢ ᠪᠣᠯᠤᠭᠰᠠᠨ ᠢᠶᠠᠷ ᠠᠵᠠ ᠲᠣᠭᠢᠶᠠᠯ ᠪᠤᠯᠭᠠᠵᠤ᠂ ᠬᠤᠶᠠᠷ ᠤᠯᠤᠰ ᠤᠨ ᠠᠵᠤ ᠠᠬᠤᠢ ᠠᠷᠠᠯᠵᠢᠶᠠᠨ ᠤ ᠬᠠᠮᠲᠤᠷᠠᠯᠴᠠᠭ᠎ᠠ ᠶᠢ ᠤᠯᠠᠮ ᠥᠷᠭᠡᠳᠬᠡᠬᠦ ᠶᠢ ᠬᠦᠰᠡᠵᠦ ᠪᠠᠶᠢᠨ᠎ᠠ᠃ ᠥᠨᠥᠳᠥᠷ ᠪᠢᠳᠡ ᠰᠧᠷᠪᠢᠶ᠎ᠠ ᠳᠤᠮᠳᠠᠳᠤ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠶᠢᠨ ᠰᠧᠷᠪᠢᠶ᠎ᠠ ᠳᠤᠮᠳᠠᠳᠤ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠤᠨ᠎ᠠ ᠭᠡᠵᠦ ᠨᠡᠶᠢᠲᠡᠯᠡᠪᠡ᠂ ᠡᠨᠡ ᠨᠢ ᠯᠠᠪᠲᠠᠢ ᠰᠧᠷᠪᠢᠶ᠎ᠠ ᠳᠤᠮᠳᠠᠳᠤ ᠶᠢᠨ ᠬᠠᠷᠢᠯᠴᠠᠭᠠᠨ ᠤ ᠲᠡᠦᠬᠡᠨ ᠳᠡᠭᠡᠷᠡᠬᠢ ᠰᠢᠨ᠎ᠡ ᠬᠥᠰᠢᠶ᠎ᠡ ᠲᠡᠮᠳᠡᠭ ᠪᠤᠯᠬᠤ ᠶᠤᠮ᠃ ᠰᠧᠷᠪᠢᠶ᠎ᠠ ᠶᠢᠨ ᠬᠢᠨ ᠲᠡᠷᠢᠭᠦᠯᠡᠭᠴᠢ ᠰᠢ ᠶᠢᠨ ᠫᠢᠩ ᠤᠨ ᠳᠤᠷᠠᠳᠤᠭᠰᠠᠨ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠡᠷᠡᠰ ᠳᠡᠮᠵᠢᠬᠦ ᠪᠥᠭᠡᠳ ᠢᠳᠡᠪᠬᠢᠲᠡᠢ ᠣᠷᠣᠯᠴᠠᠵᠤ᠂ ᠳᠤᠮᠳᠠᠳᠤ ᠤᠯᠤᠰ ᠯᠤᠭ᠎ᠠ ᠤᠯᠠᠨ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭ᠎ᠠ ᠪᠠᠨ ᠨᠢᠭᠲᠠᠷᠠᠭᠤᠯᠵᠤ᠂ ᠡᠵᠡᠷᠬᠡᠭᠯᠡᠯ ᠬᠦᠴᠦᠷᠬᠡᠭᠯᠡᠯ ᠢ ᠬᠠᠮᠲᠤ ᠪᠠᠷ ᠡᠰᠡᠷᠭᠦᠴᠡᠵᠦ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ ᠳᠦᠷᠢᠮ ᠤᠨ ᠵᠣᠷᠢᠯᠲᠠ ᠶᠢ ᠬᠠᠮᠠᠭᠠᠯᠠᠵᠤ᠂ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠨ᠎ᠠ ᠭᠡᠵᠦ ᠢᠯᠡᠳᠬᠡᠪᠡ᠃     ᠬᠡᠯᠡᠯᠴᠡᠭᠡ ᠲᠡᠭᠦᠰᠦᠭᠰᠡᠨ ᠤ ᠲᠠᠷᠠᠭ᠎ᠠ᠂ ᠬᠤᠶᠠᠷ ᠤᠯᠤᠰ ᠤᠨ ᠲᠡᠷᠢᠭᠦᠨ ᠬᠠᠮᠲᠤ ᠪᠠᠷ ︽ᠳᠤᠮᠳᠠᠳᠤ ᠰᠧᠷᠪᠢᠶ᠎ᠠ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢ ᠭᠦᠨᠵᠡᠭᠡᠶᠢᠷᠡᠭᠦᠯᠦᠨ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠶᠢᠨ ᠳᠤᠮᠳᠠᠳᠤ ᠰᠧᠷᠪᠢᠶ᠎ᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠲᠤᠬᠠᠢ ᠬᠠᠮᠲᠤᠷᠠᠭᠰᠠᠨ ᠢᠯᠡᠷᠬᠡᠶᠢᠯᠡᠯᠲᠡ︾᠎ ᠳᠤ ᠭᠠᠷ ᠤᠨ ᠦᠰᠦᠭ ᠵᠢᠷᠤᠭᠰᠠᠨ ᠪᠥᠭᠡᠳ ︽ᠨᠢᠭᠡ ᠪᠦᠰᠡ ᠨᠢᠭᠡ ᠵᠠᠮ︾᠎ ᠢ ᠬᠠᠮᠲᠤ ᠪᠠᠷ ᠪᠦᠲᠦᠭᠡᠨ ᠪᠠᠶᠢᠭᠤᠯᠬᠤ᠂ ᠪᠣᠬᠢᠷᠳᠤᠯ ᠦᠭᠡᠢ ᠬᠥᠭᠵᠢᠯᠲᠡ᠂ ᠲᠣᠭᠠᠴᠢᠯᠠᠭᠰᠠᠨ ᠠᠵᠤ ᠠᠬᠤᠢ᠂ ᠡᠯᠧᠺᠳ᠋ᠷᠣᠨ ᠬᠤᠳᠠᠯᠳᠤᠭ᠎ᠠ᠂ ᠰᠠᠭᠤᠷᠢ ᠲᠥᠬᠦᠭᠡᠷᠦᠮᠵᠢ᠂ ᠠᠵᠤ ᠠᠬᠤᠢ ᠮᠡᠷᠭᠡᠵᠢᠯ᠂ ᠮᠡᠳᠡᠭᠡ ᠵᠠᠩᠭᠢ ᠴᠢᠮᠡᠭᠡ ᠬᠤᠯᠪᠤᠭ᠎ᠠ᠂ ᠠᠮᠤ ᠪᠤᠳᠠᠭ᠎ᠠ᠂ ᠵᠠᠭᠤᠴᠢᠯᠠᠭᠤᠷ ᠵᠡᠷᠭᠡ ᠬᠦᠷᠢᠶᠡᠨ ᠤ ᠤᠯᠠᠨ ᠵᠦᠢᠯ ᠤᠨ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠪᠢᠴᠢᠭ ᠢᠶᠠᠨ ᠰᠣᠯᠢᠯᠴᠠᠬᠤ ᠶᠢ ᠬᠠᠮᠲᠤ ᠪᠠᠷ ᠭᠡᠷᠡᠴᠢᠯᠡᠪᠡ᠃     ᠬᠤᠶᠠᠷ ᠤᠯᠤᠰ ᠤᠨ ᠲᠡᠷᠢᠭᠦᠨ ᠪᠠᠰᠠ ᠬᠠᠮᠲᠤ ᠪᠠᠷ ᠰᠤᠷᠪᠤᠯᠵᠢᠯᠠᠬᠴᠢᠳ ᠲᠠᠢ ᠠᠭᠤᠯᠵᠠᠪᠠ᠃     ᠲᠤᠰ ᠡᠳᠦᠷ ᠤᠨ ᠦᠳᠡ ᠳᠤ᠂ ᠥᠴᠢᠴᠢ ᠪᠣᠯᠣᠨ ᠲᠠᠮᠠᠯᠠ ᠰᠧᠷᠪᠢᠶ᠎ᠠ ᠲᠣᠮᠣ ᠠᠰᠠᠷ ᠲᠤ ᠦᠪᠡᠳᠡᠭᠰᠢ ᠶᠡᠭᠡ ᠳᠠᠶᠢᠯᠠᠯᠭ᠎ᠠ ᠬᠢᠵᠦ ᠰᠢ ᠶᠢᠨ ᠫᠢᠩ ᠪᠣᠯᠣᠨ ᠫᠧᠩ ᠯᠢ ᠶᠤᠸᠠᠨ ᠢ ᠤᠭᠲᠤᠪᠠ᠃     ᠼᠠᠢ ᠴᠢ᠂ ᠸᠠᠩ ᠢ ᠨᠠᠷ ᠳᠡᠭᠡᠷᠡᠬᠢ ᠠᠵᠢᠯᠯᠠᠭ᠎ᠠ ᠳᠤ ᠣᠷᠣᠯᠴᠠᠵᠠᠢ᠃ 
 
ᠢᠷᠡᠯᠲᠡ᠄ ᠥᠪᠦᠷ ᠮᠣᠩᠭᠤᠯ ᠤᠨ ᠥᠪᠡᠷᠲᠡᠭᠡᠨ ᠵᠠᠰᠠᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠎ ᠤ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号