ᠲᠠᠪᠤᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠤ ᠰᠢᠯᠤᠭᠤᠨ ᠬᠥᠬᠡ ᠬᠤᠰᠢᠭᠤᠨ ᠤ ᠵᠢᠭᠤᠯᠴᠢᠯᠠᠯ  ᠬᠦᠭᠵᠢᠶᠡᠨᠳᠡᠢ ᠪᠠᠶᠢᠯ᠎ᠠ
ᠨᠡᠶᠢᠲᠡᠯᠡᠭᠰᠡᠨ ᠴᠠᠭ᠄
2024/5/9
        ︽5.1︾ ᠤ ᠠᠮᠠᠷᠠᠯᠲᠠ ᠶᠢᠨ ᠬᠤᠭᠤᠴᠠᠭᠠᠨ ᠳᠤ᠂ ᠡᠯ᠎ᠡ ᠭᠠᠵᠠᠷ ᠤᠨ ᠵᠤᠭᠠᠴᠠᠭᠰᠠᠳ ᠰᠢᠯᠤᠭᠤᠨ ᠬᠥᠬᠡ ᠬᠤᠰᠢᠭᠤᠨ ᠳᠤ ᠵᠠᠯᠭᠠᠭᠠᠪᠠᠷ ᠢᠷᠡᠵᠦ᠂ ᠲᠤᠬᠠᠶ ᠶᠢᠨ ᠭᠠᠵᠠᠷ ᠤᠨ ᠪᠠᠶᠢᠭᠠᠯᠢ ᠶᠢᠨ ᠥᠩᠭᠡ ᠦᠵᠡᠮᠵᠢ ᠶᠢ ᠰᠣᠨᠢᠷᠬᠠᠵᠤ᠂ ᠭᠦᠨ ᠵᠤᠵᠠᠭᠠᠨ ᠠᠷᠠᠳ ᠤᠨ ᠵᠠᠩ ᠦᠶᠯᠡ ᠶᠢ ᠪᠡᠶᠡᠴᠢᠯᠡᠨ ᠣᠶᠢᠯᠠᠭᠠᠵᠤ  ᠪᠠᠶᠠᠷᠳᠠᠢ ᠪᠠᠶᠢᠵᠠᠭᠠᠯ᠎ᠠ᠃ ᠡᠨᠡ ᠬᠤᠭᠤᠴᠠᠭᠠᠨ ᠳᠤ ᠰᠣᠶᠣᠯ ᠵᠢᠭᠤᠯᠴᠢᠯᠠᠯ ᠤᠨ ᠰᠠᠯᠠᠭ᠎ᠠ ᠮᠥᠴᠢᠷ ᠠᠴᠠ ᠰᠢᠨ᠎ᠡ ᠰᠡᠪᠡᠭᠦᠨ᠂ ᠡᠵᠡᠩᠨᠡᠯᠲᠡ ᠶᠢᠨ ᠬᠡᠯᠪᠡᠷᠢ  ᠣᠯᠠᠨ‌ᠡᠰᠢᠵᠢᠭᠰᠡᠨ᠂ ᠡᠯᠪᠡᠭ ᠪᠠᠶᠠᠯᠢᠭ ᠰᠣᠶᠣᠯ ᠲᠠᠮᠢᠷ ᠤᠨ ᠦᠵᠡᠭᠦᠯᠦᠯᠭᠡ ᠶᠢᠨ ᠠᠵᠢᠯᠯᠠᠭ᠎ᠠ ᠥᠷᠨᠢᠬᠦᠯᠥᠭᠰᠡᠡ ᠨᠢ ᠭᠠᠳᠠᠨ᠎ᠠ ᠲᠤᠳᠤᠨ᠎ᠠ ᠶᠢᠨ ᠵᠤᠭᠠᠴᠬᠠᠰᠠᠥᠨ  ᠤᠨ ᠠᠩᠬᠠᠷᠤᠯ ᠳᠤ ᠬᠥᠷᠴᠠᠢ᠃ ︽5.1︾ ᠤ ᠠᠮᠠᠷᠠᠯᠲᠠ ᠶᠢᠨ ᠬᠤᠭᠤᠴᠠᠭᠠᠨ ᠳᠤ᠂ ᠮᠠᠨ ᠤ ᠬᠤᠰᠢᠭᠤ ᠵᠤᠭᠠᠴᠠᠭᠰᠠᠳ ᠢ ᠨᠡᠶᠢᠲᠡ 4.2 ᠲᠦᠮᠡᠨ ᠬᠥᠮᠦᠨ ᠤᠳᠠᠭ᠎ᠠ ᠭᠥᠯᠢᠶᠡᠨ ᠠᠪᠴᠤ᠂ ᠬᠠᠮᠢᠶ᠎ᠠ ᠲᠠᠢ ᠤᠷᠤᠯᠭ᠎ᠠ2200 ᠲᠦᠮᠡᠨ ᠲᠥᠭᠦᠷᠢᠭ  ᠲᠤ ᠬᠥᠷᠦᠭᠰᠡᠡ ᠪᠠᠶᠢᠨ᠎ᠠ᠃   4 ᠰᠠᠷ᠎ᠠ ᠶᠢᠨ 30 ᠤ ᠡᠳᠦᠷ᠂ ᠰᠢᠯᠤᠭᠤᠨ ᠬᠥᠬᠡ ᠬᠤᠰᠢᠭᠤᠨ ᠤ ᠠᠵᠠᠳᠠᠢ ᠪᠡᠶ᠎ᠡ ᠰᠤᠪᠢᠯᠠᠬᠤ ᠬᠦᠷᠢᠶᠡᠯᠡᠩ ᠳᠤ᠂ ᠰᠢᠯᠤᠭᠤᠨ ᠬᠥᠬᠡ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠭᠤᠤᠯᠯᠠᠨ  ᠡᠷᠬᠢᠯᠡᠭᠰᠡᠨ᠂  ᠬᠤᠰᠢᠭᠤ  ᠪᠡᠶ᠎ᠡ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ ᠳᠠᠭᠠᠭᠠᠴᠢᠯᠠᠨ ᠡᠷᠭᠢᠯᠡᠭᠰᠡᠨ ︽5.1︾ ᠤ ᠡᠷᠡᠭᠦᠯᠵᠢᠯ ᠪᠡᠶ᠎ᠡ ᠰᠤᠪᠢᠯᠠᠯᠲᠠ ᠵᠢᠭᠤᠯᠴᠢᠯᠠᠯ ᠤᠨ ᠨᠠᠭᠠᠳᠤᠮ ᠶᠠᠪᠤᠠᠠᠳᠠᠵᠦ᠂ ᠪᠦᠬᠦ ᠤᠯᠤᠰ ᠤᠨ ᠡᠯ᠎ᠡ ᠭᠠᠵᠠᠷ  ᠠᠴᠠ ᠬᠦᠷᠦᠯᠴᠡᠨ ᠢᠷᠡᠭᠰᠡᠨ ᠵᠢᠭᠤᠯᠴᠢᠯᠠᠭᠰᠠᠳ ᠠᠵᠠᠳᠠᠢ ᠪᠡᠶ᠎ᠡ ᠰᠤᠪᠢᠯᠠᠬᠤ ᠬᠦᠷᠢᠶᠡᠯᠡᠩ ᠳᠤ ᠴᠤᠭᠯᠠᠷᠠᠵᠤ᠂ ᠪᠦᠬᠡ ᠪᠠᠷᠢᠯᠳᠣᠬᠤ᠂ ᠰᠤᠷ ᠬᠠᠷᠪᠣᠬᠤ  ᠵᠡᠷᠭᠡ  ᠪᠡᠶ᠎ᠡ  ᠲᠠᠮᠢᠷ ‍ᠤᠨ‌ᠠᠵᠢᠯᠯᠠᠭ᠎ᠠ‌‍ᠳᠤ‌ᠵᠢᠭᠤᠯᠴᠢᠯᠠᠭᠰᠠᠳ ᠢ‌ᠤᠷᠤᠯᠴᠠᠭᠤᠯᠵᠤ‌ᠦᠨᠳᠦᠰᠥᠳᠡᠨ ᠤ ᠤᠯᠠᠮᠵᠢᠯᠠᠯᠲᠤ ᠨᠠᠭᠠᠳᠤᠮ ᠢ ᠪᠡᠶᠡᠴᠢᠯᠡᠨ ᠤᠢᠢᠯᠠᠭᠠᠭᠤᠯᠪᠠ᠃ ᠮᠥᠨ ᠲᠤᠰ  ᠡᠳᠦᠷ᠂ ᠰᠢᠯᠢ ᠶᠢᠨ ᠭᠤᠤᠯ ᠠᠶᠢᠮᠠᠭ ᠤᠨ ᠰᠣᠶᠣᠯ ᠤᠨ ᠥᠪ ᠤᠨ ᠬᠠᠮᠠᠭᠠᠯᠠᠯᠲᠠ  ᠶᠢᠨ ᠰᠤᠳᠤᠯᠭᠠᠨ ᠤ ᠲᠥᠪ ᠠᠴᠠ ᠭᠤᠤᠯᠯᠠᠨ ᠡᠷᠭᠢᠯᠡᠭᠰᠡᠨ 《 ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ ᠶᠢᠨ ᠬᠠᠮᠲᠤ ᠶᠢᠨ ᠥᠪ᠂ ᠬᠠᠮᠲᠤ ᠶᠢᠨ ᠬᠠᠷᠢᠭᠤᠴᠠᠯᠭ᠎ᠠ 》 ᠪᠠᠷ ᠭᠤᠤᠯ ᠰᠡᠳᠦᠪ ᠪᠣᠯᠭᠠᠭᠰᠠᠨ ᠳᠤᠮᠳᠠᠳᠤ ᠪᠠᠭ᠎ᠠ ᠰᠤᠷᠭᠠᠭᠤᠯᠢ ᠶᠢᠨ ᠰᠤᠳᠤᠯᠤᠨ ᠰᠤᠷᠤᠯᠴᠠᠬᠤ ᠬᠢᠴᠢᠶᠡᠯ ᠵᠢᠩᠬᠢᠨᠢ ᠪᠠᠷ  ᠡᠬᠢᠯᠡᠵᠦ᠂  ᠰᠤᠷᠤᠭᠴᠢᠳ ᠲᠤ ᠰᠣᠶᠣᠯ ᠤᠨ ᠥᠪ  ᠤᠨ ᠦᠨ᠎ᠡ ᠥᠷᠲᠡᠭ ᠪᠠ ᠲᠡᠦᠬᠡ ᠶᠢᠨ ᠠᠭᠤᠯᠤᠭᠳᠠᠬᠤᠨ ᠢ ᠣᠶᠢᠯᠠᠭᠠᠭᠤᠯᠵᠤ᠂ ᠲᠡᠦᠬᠡ ᠶᠢᠨ ᠳᠤᠷᠠᠰᠬᠠᠯᠲᠤ ᠵᠦᠶᠯᠡᠰ ᠤᠨ ᠠᠷᠤ ᠳᠠᠬᠢ ᠦᠯᠢᠭᠡᠷ ᠣᠴᠢᠷ ᠢ ᠨᠠᠩ ᠬᠦᠨᠵᠡᠬᠡᠢ ᠲᠠᠨᠢᠭᠤᠯᠤᠭᠰᠠᠨ ᠪᠠᠶᠢᠨ᠎ᠠ᠃ ᠡᠬᠦᠨ ᠠᠴᠠ ᠭᠠᠳᠠᠨ᠎ᠠ ᠰᠢᠯᠤᠭᠤᠨ ᠬᠥᠬᠡ ᠬᠤᠰᠢᠭᠤᠨ ᠤ ︽5.1︾ ᠤ ᠡᠷᠡᠭᠦᠯᠵᠢᠯ ᠠᠰᠠᠷᠠᠮᠵᠢ ᠶᠢᠨ ᠵᠢᠭᠤᠯᠴᠢᠯᠠᠯ ᠤᠨ ᠭᠠᠷᠠᠭ ᠤᠨ ᠰᠢᠷᠢᠰ ᠠᠵᠢᠯᠯᠠᠭ᠎ᠠ —  ᠡᠷᠡᠭᠦᠯ ᠮᠡᠨᠳᠦ ᠶᠢᠨ ᠶᠠᠪᠠᠭᠠᠨ ᠠᠶᠠᠯᠠᠯ ᠤᠨ ᠠᠵᠢᠯᠯᠠᠭ᠎ᠠ ᠰᠢᠯᠤᠭᠤᠨ ᠬᠥᠬᠡ ᠬᠤᠰᠢᠭᠤᠨ ᠤ ᠠᠮᠢ ᠠᠬᠤᠶ ᠶᠢᠨ ᠬᠦᠷᠢᠶᠡᠯᠡᠩ ᠳᠤ ᠠᠮᠵᠢᠯᠲᠠ ᠲᠠᠢ  ᠶᠠᠪᠤᠠᠠᠳᠠᠵᠦ᠂ ᠨᠠᠭᠤᠨᠪᠢᠯᠢᠭ᠌ ᠪᠠᠭᠰᠢ ᠶᠢᠨ ᠳᠠᠭᠠᠭᠤᠯᠭ᠎ᠠ ᠪᠠᠷ ᠪᠥᠬᠦ ᠤᠯᠤᠰ ᠤᠨ ᠡᠯ᠎ᠡ ᠭᠠᠵᠠᠷ ᠤᠨ ᠮᠢᠩᠭ᠎ᠠ ᠭᠠᠷᠤᠶ ᠬᠦᠮᠥᠨ ᠤᠷᠤᠯᠴᠠᠵᠠᠢ᠃   5 ᠳ᠋ᠤᠭᠠᠷ ᠰᠠᠷ᠎ᠠ ᠶᠢᠨ 2 ᠤᠨ ᠡᠳᠦᠷ᠂ ᠰᠢᠯᠤᠭᠤᠨ ᠬᠥᠬᠡ ᠬᠤᠰᠢᠭᠤᠨ ᠤ ᠰᠣᠶᠣᠯ  ᠲᠠᠮᠢᠷ‌ᠵᠢᠭᠤᠯᠴᠢᠯᠠᠯ ᠤᠨ ᠲᠣᠪᠴᠢᠶ᠎ᠠ ᠠᠴᠠ ᠭᠤᠤᠯᠯᠠᠨ ᠡᠷᠭᠢᠯᠡᠭᠰᠡᠨ 2024 ᠣᠨ ᠤ ᠰᠢᠯᠤᠭᠤᠨ ᠬᠥᠬᠡ ᠬᠤᠰᠢᠭᠤᠨ ᠤ ᠴᠠᠭᠠᠨ ᠢᠳᠡᠬᠡᠨ ᠤ ᠵᠣᠭᠤᠭ ‍ᠤᠨ‌ᠥᠷᠥᠭᠡ ᠪᠥᠬᠡ ᠶᠢᠨ ᠤᠷᠤᠯᠳᠤᠭᠠᠨ ᠡᠬᠢᠯᠡᠵᠦ‌‍ᠶᠠᠪᠤᠠᠠᠳᠠᠨ᠂ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠲᠤᠬᠠᠶ ᠶᠢᠨ ᠡᠳᠦᠷ ᠣᠯᠠᠨ ᠲᠠᠪᠴᠠᠩ ᠢᠶᠠᠷ ᠪᠦᠬᠦ ᠶᠠᠪᠤᠴᠠ ᠳᠤ ᠰᠢᠭᠤᠳ ᠨᠡᠪᠲᠡᠷᠡᠭᠦᠯᠭᠡ ᠬᠢᠵᠡᠢ᠃ 5 ᠳ᠋ᠤᠭᠠᠷ ᠰᠠᠷ᠎ᠠ ᠶᠢᠨ 2 ᠤᠨ ᠡᠳᠦᠷ ᠂ ᠰᠢᠯᠤᠭᠤᠨ ᠬᠥᠬᠡ ᠬᠤᠰᠢᠭᠤᠨ ᠤ ︽5.1︾ ᠤ ᠡᠷᠡᠭᠦᠯᠵᠢᠯ  ᠤᠨ ᠵᠢᠭᠤᠯᠴᠢᠯᠠᠯ ᠤᠨ ᠭᠠᠷᠠᠭ ᠤᠨ ᠰᠢᠷᠢᠰ ᠠᠵᠢᠯᠯᠠᠭ᠎ᠠ — ᠰᠦᠯᠵᠢᠶᠡᠨ ᠤᠳᠤᠥᠨ ᠤᠨ ᠰᠢᠭᠤᠳ ᠨᠡᠪᠳᠡᠷᠡᠬᠦᠯᠭᠡ᠂ ᠤᠯᠠᠭᠠᠨᠮᠥ᠋ᠴᠢᠷ ᠤᠨ ᠲᠣᠭᠯᠠᠯᠲᠠ ᠵᠡᠷᠬᠡ ᠨᠢ ᠰᠢᠯᠤᠭᠤᠨ ᠬᠥᠬᠡ ᠬᠤᠰᠢᠭᠤᠨ ᠤ ᠴᠠᠭᠠᠨ ᠢᠳᠡᠬᠡᠨ ᠤ ᠵᠣᠭᠤᠭ ᠤᠨ ᠦᠷᠦᠬᠡᠨ‌‍ᠳᠦ ᠶᠠᠪᠤᠠᠠᠳᠠᠵᠦ᠂ ᠰᠢᠯᠤᠭᠤᠨ ᠬᠥᠬᠡ ᠬᠤᠰᠢᠭᠤᠨ ᠤ ᠬᠤᠯᠠᠨ ᠰᠢᠷᠭ᠎ᠠ ᠲᠠᠭ᠎ᠠ ᠶᠢᠨ ᠦᠬᠡᠷ ᠤᠨ ᠮᠢᠬᠠᠨ ᠤ ᠲᠤᠬᠠᠶ ᠶᠠᠷᠢᠯᠴᠠᠨ᠂  ᠵᠤᠭᠠᠴᠠᠭᠰᠠᠳ ᠲᠣᠭᠯᠠᠯᠲᠠ ᠦᠵᠡᠵᠦ᠂ ᠦᠬᠡᠷ ᠤᠨ ᠮᠢᠬ᠎ᠠ᠂ ᠴᠠᠭᠠᠨ ᠢᠳᠡᠭᠡ ᠠᠮᠳᠠᠯᠠᠵᠦ᠂ ᠲᠤᠬᠠᠶ ᠶᠢᠨ ᠲᠠᠯᠠᠪᠠᠢ ᠶᠢᠨ ᠠᠭᠤᠷ ᠠᠮᠢᠰᠬᠤᠯ ᠬᠥᠷ ᠬᠥᠭᠵᠢᠶᠡᠨ ᠲᠠᠢ ᠪᠠᠶᠢᠯ᠎ᠠ᠃   5 ᠳ᠋ᠤᠭᠠᠷ ᠰᠠᠷ᠎ᠠ ᠶᠢᠨ 6 ᠤ ᠡᠳᠦᠷ᠂ ᠰᠢᠯᠤᠭᠤᠨ ᠬᠥᠬᠡ ᠬᠤᠰᠢᠭᠤᠨ ᠤ ᠬᠠᠪᠢᠷᠭ᠎ᠠ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠰᠢᠯᠤᠭᠤᠨ ᠬᠥᠬᠡ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠠᠴᠠ ᠭᠤᠤᠯᠯᠠᠨ ᠡᠷᠭᠢᠯᠡᠭᠰᠡᠨ 2024 ᠣᠨ ᠤ ᠬᠠᠪᠢᠷᠭ᠎ᠠ ᠪᠠᠯᠭᠠᠰᠤᠨ ᠤ ᠴᠤᠤᠶᠠᠩ ᠲᠣᠰᠬᠤᠨ ᠤ ᠭᠤᠷᠪᠠᠳᠤᠭᠠᠷ ᠬᠤᠭᠤᠴᠠᠭᠠᠨ ᠤ ᠬᠦᠶᠯᠡᠰᠦᠨ ᠴᠡᠴᠡᠭ ᠤᠨ ᠵᠢᠭᠤᠯᠴᠢᠯᠠᠯ ᠤᠨ ᠨᠠᠶᠢᠷ‌ᠡᠬᠢᠯᠡᠵᠦ᠂ ᠮᠢᠩᠭ᠎ᠠ ᠭᠠᠷᠤᠶ ᠵᠤᠭᠠᠴᠠᠭᠰᠠᠳ ᠴᠤᠤ ᠶᠠᠩ ᠲᠣᠰᠬᠤᠨ ᠳᠤ ᠴᠤᠭᠯᠠᠷᠠᠵᠤ᠂᠂ ᠬᠦᠶᠯᠡᠰᠦᠨ ᠴᠡᠴᠡᠭ ᠰᠣᠨᠢᠷᠬᠠᠵᠤ᠂ ᠠᠮᠲᠠᠲᠤ ᠢᠳᠡᠭᠡᠨ ᠢ ᠠᠮᠲᠠᠯᠠᠨ᠂ ᠶᠠᠪᠠᠭᠠᠨ ᠠᠶᠠᠯᠠᠯ ᠬᠢᠯ᠎ᠡ᠃   ᠣᠶᠢᠯᠠᠭᠠᠭᠰᠠᠨ ᠢᠶᠠᠷ᠂  ︽5.1︾ ᠤ  ᠠᠮᠠᠷᠠᠯᠲᠠ ᠶᠢᠨ ᠬᠤᠭᠤᠴᠠᠭᠠᠨ ᠳᠤ᠂ ᠰᠢᠯᠤᠭᠤᠨ ᠬᠥᠬᠡ ᠬᠤᠰᠢᠭᠤ ᠨᠢ ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ᠂  ᠴᠠᠭᠠᠨ ᠢᠳᠡᠬᠡᠨ ᠤ ᠵᠣᠭᠤᠭ ᠤᠨ ᠦᠷᠦᠬᠡ  ᠪᠠᠷ ᠭᠤᠤᠯᠳᠠᠯᠭ᠎ᠠ ᠪᠤᠯᠭᠠᠨ᠂ ᠡᠯ᠎ᠡ ᠵᠦᠶᠯ ᠤᠨ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠨᠠᠷᠢᠨ ᠨᠢᠮᠪᠠᠶ ᠲᠥᠯᠥᠪᠯᠡᠵᠦ᠂ ᠠᠷᠪᠠᠨ ᠶᠡᠭᠡ ᠭᠤᠤᠯ ᠰᠡᠳᠦᠪ᠂ 20 ᠭᠠᠷᠤᠶ ᠵᠦᠶᠯ ᠤᠨ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠲᠤᠬᠢᠷᠠᠭᠤᠯᠥᠨ᠂ ᠪᠥᠬᠦ ᠬᠤᠰᠢᠭᠤᠨ ᠤ ᠰᠣᠶᠣᠯ ᠪᠡᠶ᠎ᠡ ᠲᠠᠮᠢᠷ ᠵᠢᠭᠤᠯᠴᠢᠯᠠᠯ ᠤᠨ ᠠᠵᠤ ᠦᠶᠯᠡᠰ ᠤᠨ ᠭᠦᠨᠵᠡᠭᠡᠶ ᠠᠭᠤᠰᠤᠯᠴᠠᠨ ᠬᠥᠭᠵᠢᠬᠦ ᠶᠢ ᠤᠯᠠᠮ ᠨᠢᠭᠡ ᠠᠯᠬᠤᠮ ᠠᠬᠢᠭᠤᠯᠵᠤ᠂ ᠡᠵᠡᠩᠨᠡᠯᠲᠡ ᠶᠢᠨ  ᠶᠠᠰᠤ ᠴᠢᠨᠠᠷ ᠢ ᠳᠡᠭᠡᠭᠰᠢᠯᠡᠭᠦᠯᠦᠨ᠂ ᠰᠢᠨ᠎ᠡ ᠬᠠᠩᠭᠠᠯᠭ᠎ᠠ ᠶᠢ ᠡᠭᠦᠳᠬᠦ᠂ ᠰᠢᠨ᠎ᠡ ᠬᠡᠷᠡᠭᠴᠡᠭᠡ ᠶᠢ ᠬᠠᠩᠭᠠᠬᠤ᠂ ᠰᠢᠨ᠎ᠡ ᠬᠡᠷᠡᠭᠯᠡᠭᠡ ᠶᠢ ᠳᠠᠶᠢᠴᠢᠯᠠᠬᠤ ᠰᠣᠶᠣᠯ ᠪᠡᠶ᠎ᠡ ᠲᠠᠮᠢᠷ ᠵᠢᠭᠤᠯᠴᠢᠯᠠᠯ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠪᠣᠶ ᠪᠣᠯᠭᠠᠪᠠ᠃  
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号