ᠰᠢᠯᠤᠭᠤᠨ ᠬᠥᠬᠡ ᠬᠤᠰᠢᠭᠤ ᠣᠷᠴᠢᠨ ᠲᠣᠭᠤᠷᠢᠨ ᠤ ᠡᠳᠦᠷ ᠤᠨ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/6/11
         2024 ᠣᠨ ᠤ 6 ᠰᠠᠷ᠎ᠠ ᠶᠢᠨ 5 ᠤ ᠡᠳᠦᠷ ᠪᠣᠯ 53 ᠳᠠᠬᠢ ᠳᠡᠯᠡᠬᠡᠶ ᠶᠢᠨ ᠣᠷᠴᠢᠨ ᠲᠣᠭᠤᠷᠢᠨ ᠤ ᠡᠳᠦᠷ ᠪᠣᠯᠤᠨ᠎ᠠ᠃ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ︾ ᠭᠡᠬᠦ ᠣᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠬᠤ ᠶᠢᠨ ᠲᠥᠯᠥᠭᠡ᠂ 6 ᠰᠠᠷ᠎ᠠ ᠶᠢᠨ 4 ᠤ ᠡᠳᠦᠷ᠂ ᠰᠢᠯᠢ ᠶᠢᠨ ᠭᠤᠤᠯ ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ  ᠲᠣᠪᠴᠢᠶᠠᠨ ᠤ  ᠰᠢᠯᠤᠭᠤᠨ ᠬᠥᠬᠡ ᠬᠤᠰᠢᠭᠤᠨ ᠤ ᠬᠤᠪᠢᠶᠠᠷᠢ ᠲᠣᠪᠴᠢᠶ᠎ᠠ ᠠᠴᠠ ᠰᠢᠯᠤᠭᠤᠨ ᠬᠥᠬᠡ ᠬᠤᠰᠢᠭᠤᠨ ᠤ  ︽ᠬᠤᠰᠢᠭᠤᠴᠢ︾ ᠬᠠᠶᠢᠷ᠎ᠠ ᠬᠠᠯᠠᠮᠵᠢ ᠶᠢᠨ ᠨᠡᠶᠢᠲᠡ ᠶᠢᠨ ᠠᠰᠠᠷᠠᠮᠵᠢ ᠶᠢᠨ ᠨᠡᠶᠢᠭᠡᠮᠯᠢᠭ ᠂ ᠰᠢᠯᠤᠭᠤᠨ ᠬᠥᠬᠡ ᠬᠤᠰᠢᠭᠤᠨ ᠤ ᠪᠥᠵᠢᠭ ᠤᠨ ᠨᠡᠶᠢᠭᠡᠮᠯᠢᠭ ᠢ ᠵᠣᠬᠢᠶᠠᠨ ᠪᠠᠶᠢᠭᠤᠯᠵᠤ ᠬᠤᠪᠢᠯᠠᠢ ᠠᠭᠤᠳᠠᠮ ᠲᠠᠯᠠᠪᠠᠶ ᠳᠤ  ︽ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠬᠤ︾ ᠭᠤᠤᠯ ᠰᠡᠳᠣᠪᠳᠣ 6.5 ᠣᠷᠴᠢᠨ ᠲᠣᠭᠤᠷᠢᠨ ᠤ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠶᠠᠪᠣᠬᠳᠠᠭᠤᠯᠪᠡ᠃      ᠢᠷᠠᠭᠤ  ᠬᠥᠭᠵᠢᠮ᠂ ᠪᠠᠶᠠᠰᠬᠤᠯᠠᠩᠲᠤ ᠳᠠᠭᠤᠤ ᠶᠢᠨ ᠳᠤᠮᠳᠠ ᠠᠵᠢᠯᠯᠠᠭ᠎ᠠ  ᠡᠬᠢᠯᠡᠵᠦ᠂ ᠡᠬᠢᠯᠡᠯᠲᠡ ᠶᠢᠨ ᠶᠣᠰᠣᠯᠠᠯ ᠳᠡᠭᠡᠷ᠎ᠡ᠂ ᠵᠠᠰᠠᠭ ᠤᠨ ᠣᠷᠳᠣᠨ ᠤ ᠳᠡᠳ᠋  ᠬᠤᠰᠢᠭᠤ ᠳᠠᠷᠤᠭ᠎ᠠ ᠱᠧᠨ ᠭᠤᠸᠠᠩ ᠱᠧᠩ ᠤᠬᠠᠭᠤᠯᠤᠨ ᠳᠠᠶᠢᠴᠢᠯᠠᠬᠤ ᠶᠠᠷᠢᠶ᠎ᠠ‌‍ᠬᠢᠪᠡ᠃     ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠣᠬᠠᠭᠤᠯᠭ᠎ᠠ ᠶᠢᠨ ᠪᠢᠴᠬᠡᠰᠣ ᠡᠯᠭᠦᠵᠦ᠂ ᠰᠠᠭᠤᠭᠠᠯᠢ ᠠᠷᠠᠳ  ᠲᠤ ︽ᠣᠷᠴᠢᠨ ᠲᠣᠭᠤᠷᠢᠨ ᠤ ᠬᠠᠮᠠᠭᠠᠯᠠᠯᠲᠠ ᠶᠢᠨ ᠢᠲᠡᠭᠡᠮᠵᠢ ᠶᠢᠨ ᠦᠨᠡᠯᠡᠯᠲᠡ︾᠂ ︽ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠮᠡᠳᠡᠯᠭᠡ ᠶᠢᠨ ᠭᠠᠷ ᠳᠡᠪᠲᠡᠷ︾ ᠤᠨ ᠤᠬᠠᠭᠤᠯᠭ᠎ᠠ ᠶᠢᠨ ᠮᠠᠲ᠋ᠧᠷᠢᠶᠠᠯ ᠵᠢᠴᠢ ᠣᠬᠠᠭᠤᠯᠭ᠎ᠠ ᠶᠢᠨ ᠪᠣᠳᠠᠰ ᠲᠠᠷᠬᠠᠭᠠᠵᠤ᠂ ᠨᠡᠶᠢᠭᠡᠮ ᠨᠡᠶᠢᠲᠡ ᠶᠢᠨ ᠠᠮᠢ ᠠᠬᠤᠶ ᠶᠢᠨ ᠪᠣᠯᠪᠠᠰᠤᠨ ᠤ ᠤᠬᠠᠮᠰᠠᠷ  ᠢ ᠳᠡᠭᠡᠭᠰᠢᠯᠡᠭᠦᠯᠦᠨ᠂ ᠪᠣᠬᠢᠷᠲᠤᠯ ᠥᠬᠡᠶ ᠠᠮᠢᠳᠤᠷᠠᠯ ᠤᠨ ᠣᠶᠢᠯᠠᠭᠠᠭᠳᠠᠬᠤᠨ‌ᠢ ᠤᠯᠠᠮᠵᠢᠯᠠᠵᠤ᠂ ᠣᠯᠠᠨ ᠨᠡᠶᠢᠲᠡ ᠶᠢ ᠬᠥᠲᠥᠯᠥᠨ ᠵᠢᠯᠣᠭᠤᠳᠴᠤ ᠳᠣᠤᠷ᠎ᠠ ᠨᠡᠭᠦᠷᠡᠰᠦᠲᠥ᠋ᠷᠥᠭᠴᠢᠲᠦ᠂ ᠡᠷᠡᠭᠦᠯ ᠰᠠᠷᠠᠭᠤᠯ ᠠᠮᠢᠳᠤᠷᠠᠯ ᠤᠨ ᠳᠠᠳᠬᠠᠯ ᠢ ᠦᠶᠯᠡᠳᠦᠯᠭᠡᠵᠢᠭᠦᠯᠬᠦ ᠶᠢ ᠣᠷᠢᠶᠠᠯᠠᠵᠣ᠂ ᠰᠢᠯᠤᠭᠤᠨ ᠬᠥᠬᠡ ᠬᠤᠰᠢᠭᠤᠨ ᠤ ᠪᠥᠵᠢᠭ ᠤᠨ ᠨᠡᠶᠢᠭᠡᠮᠯᠢᠭ ᠦᠵᠡᠭᠴᠢᠳ  ᠲᠤ ᠭᠤᠶᠢᠳᠠ ᠰᠠᠶᠢᠬᠠᠨ ᠪᠥᠵᠢᠭ ᠢᠶᠠᠨ ᠰᠣᠨᠢᠷᠬᠠᠭᠤᠯᠣᠯ᠎ᠠ᠃     ᠠᠵᠢᠯᠯᠠᠭ᠎ᠠ ᠨᠢ ᠪᠠᠰᠠ ᠥᠨᠳᠥᠷ ᠡᠷᠭᠢ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠥᠬᠦᠭᠡᠷᠦᠮᠵᠢ ᠶᠢ ᠣᠯᠠᠨ ᠨᠡᠶᠢᠲᠡ ᠳᠤ ᠴᠢᠯᠥᠭᠡᠲᠡᠶ ᠨᠡᠭᠡᠭᠡᠬᠦ ᠡᠳᠦᠷ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃     ᠲᠠᠷᠠᠭᠠᠴᠢ ᠶᠢᠨ ᠠᠯᠬᠤᠮ ᠳᠤ᠂ ᠰᠢᠯᠢ ᠶᠢᠨ ᠭᠤᠤᠯ ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ  ᠲᠣᠪᠴᠢᠶᠠᠨ ᠤ ᠰᠢᠯᠤᠭᠤᠨ ᠬᠥᠬᠡ ᠬᠤᠰᠢᠭᠤᠨ ᠤ ᠬᠤᠪᠢᠶᠠᠷᠢ ᠲᠣᠪᠴᠢᠶ᠎ᠠ ᠣᠷᠴᠢᠨ ᠲᠣᠭᠤᠷᠢᠨ ᠤ ᠬᠠᠮᠠᠭᠠᠯᠠᠯᠲᠠ  ᠶᠢᠨ ᠲᠥᠬᠦᠭᠡᠷᠦᠮᠵᠢ ᠶᠢᠨ ᠨᠡᠭᠡᠭᠡᠯᠲᠡ ᠶᠢᠨ ᠡᠳᠦᠷ᠂ ᠠᠮᠢ ᠠᠬᠤᠶ ᠣᠷᠴᠢᠨ ᠲᠣᠭᠤᠷᠢᠨ ᠤ ᠰᠠᠶᠢᠨ ᠳᠤᠷ᠎ᠠ ᠶᠢᠨ ᠦᠶᠯᠡᠴᠢᠯᠡᠭᠡ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠢ ︽ᠵᠢᠷᠭᠤᠭ᠎ᠠ  ᠳᠤ ᠣᠷᠣᠭᠤᠯᠬᠤ︾ ᠵᠡᠷᠭᠡ ᠰᠢᠷᠢᠰ ᠠᠵᠢᠯᠯᠠᠭ᠎ᠠ ᠪᠠᠷ ᠳᠠᠮᠵᠢᠭᠤᠯᠤᠨ᠂ ᠣᠯᠠᠨ ᠲᠦᠮᠡᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠬᠠᠮᠰᠠᠷ ᠢ ᠤᠯᠠᠮ ᠨᠢᠭᠡ ᠠᠯᠬᠤᠮ  ᠲᠡᠭᠡᠭᠰᠢᠯᠡᠭᠦᠯᠵᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠲᠠᠰᠤᠷᠠᠯᠲᠠ ᠥᠬᠡᠶ ᠪᠠᠬᠢᠵᠢᠭᠦᠯᠵᠦ᠂ ᠬᠥᠮᠦᠨ ᠬᠢᠭᠡᠳ ᠪᠠᠶᠢᠭᠠᠯᠢ ᠡᠶ᠎ᠡ ᠵᠣᠬᠢᠴᠠᠯ ᠲᠠᠢ ᠬᠠᠮᠲᠤ ᠣᠷᠣᠰᠢᠬᠤ ᠦᠵᠡᠰᠬᠦᠯᠡᠩᠲᠦ ᠰᠠᠶᠢᠬᠠᠨ ᠬᠡᠷ ᠣᠷᠣᠨ ᠢ ᠬᠠᠮᠲᠤ ᠪᠠᠷ ᠪᠠᠶᠢᠭᠤᠯᠵᠤ᠂ ᠦᠵᠡᠰᠬᠦᠯᠡᠩᠲᠦ ᠰᠠᠶᠢᠬᠠᠨ ᠰᠢᠯᠢ ᠶᠢᠨ ᠭᠤᠤᠯ ᠤᠨ ᠪᠥᠲᠥᠭᠡᠨ ᠪᠠᠶᠢᠭᠤᠯᠤᠯᠲᠠ ᠶᠢᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠪᠣᠯᠤᠨ᠎ᠠ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号