ᠰᠢᠯᠤᠭᠤᠨ ᠬᠥᠬᠡ ᠬᠤᠰᠢᠭᠤᠨ ᠤ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ᠂  ᠬᠤᠰᠢᠭᠤ ᠵᠠᠰᠠᠭ ᠤᠨ ᠶᠠᠪᠤᠳᠠᠯ ᠤᠨ ᠦᠶᠯᠡᠴᠢᠯᠡᠭᠡ ᠪᠣᠯᠤᠨ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2024/6/11
        6 ᠰᠠᠷ᠎ᠠ ᠶᠢᠨ 3 ᠤ ᠡᠳᠦᠷ᠂ ᠰᠢᠯᠤᠭᠤᠨ ᠬᠥᠬᠡ ᠬᠤᠰᠢᠭᠤᠨ ᠤ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ᠂ ᠬᠤᠰᠢᠭᠤ ᠵᠠᠰᠠᠭ ᠤᠨ ᠶᠠᠪᠤᠳᠠᠯ ᠤᠨ ᠦᠶᠯᠡᠴᠢᠯᠡᠭᠡ ᠪᠣᠯᠤᠨ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠢᠯᠡᠷᠭᠡᠶᠢᠯᠡᠯ ᠡᠯᠭᠦᠨ ᠪᠠᠶᠢᠭᠤᠯᠣᠬᠳᠠᠵᠣ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠹᠧᠩ ᠵᠢᠶᠠᠨ ᠵᠢᠶᠦ᠋ᠨ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢ ᠬᠠᠨ ᠹᠧᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠯᠢᠦᠶ ᠡᠾᠦ᠋ᠢ  ᠢᠯᠡᠷᠭᠡᠶᠢᠯᠡᠯ ᠡᠯᠭᠦᠬᠦ ᠶᠣᠰᠣᠯᠠᠯ ᠳᠤ ᠣᠷᠣᠯᠴᠠᠪᠠ᠃     ᠹᠧᠩ ᠵᠢᠶᠠᠨ ᠵᠢᠶᠦ᠋ᠨ ᠵᠢᠭᠠᠬᠤ  ᠳᠠᠭᠠᠨ᠂ ᠬᠤᠰᠢᠭᠤ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ᠂  ᠬᠤᠰᠢᠭᠤ ᠵᠠᠰᠠᠭ ᠤᠨ ᠶᠠᠪᠤᠳᠠᠯ ᠤᠨ ᠦᠶᠯᠡᠴᠢᠯᠡᠭᠡ ᠪᠠ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠤᠪᠴᠢᠶ᠎ᠠ ᠪᠠᠶᠢᠭᠤᠯᠤᠭᠳᠠᠭᠰᠠᠨ ᠨᠢ ᠨᠠᠮ ᠤᠨ ᠲᠥᠪ ᠬᠤᠷᠢᠶ᠎ᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ᠂ ᠬᠤᠰᠢᠭᠤ ᠨᠠᠮ ᠤᠨ ᠬᠤᠷᠢᠶᠠᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠴᠢᠬᠤᠯᠠ ᠠᠭᠤᠯᠭ᠎ᠠ ᠪᠠᠶᠢᠵᠤ᠂ ᠨᠡᠶᠢᠭᠡᠮ ᠤᠨ ᠵᠠᠰᠠᠯᠲᠠ ᠶᠢᠨ ᠰᠢᠨ᠎ᠡ ᠪᠠᠶᠢᠷᠢᠰᠢᠯ ᠢ ᠪᠠᠶᠢᠭᠤᠯᠬᠤ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃  ᠲᠤᠰ ᠠᠵᠢᠯ ᠢᠶᠠᠷ ᠰᠢᠨ᠎ᠡ ᠡᠬᠢᠯᠡᠯᠲᠡ ᠪᠣᠯᠭᠠᠵᠤ᠂ ᠣᠷᠭᠢᠯᠤᠮ᠎ᠠ ᠬᠠᠯᠠᠭᠤᠨ ᠠᠵᠢᠯ ᠤᠨ ᠰᠡᠳᠬᠢᠯᠭᠡ᠂ ᠴᠢᠩᠭ᠎ᠠ ᠨᠢᠮᠪᠠᠶ ᠠᠵᠢᠯ ᠤᠨ ᠣᠪᠣᠷ᠂ ᠯᠠᠪᠳᠠᠭᠤᠨ ᠪᠠᠲᠤᠲᠠᠶ ᠠᠵᠢᠯ ᠤᠨ ᠰᠤᠷᠲᠠᠯ ᠢᠶᠠᠷ ᠰᠢᠨ᠎ᠡ ᠠᠵᠢᠯ ᠤᠨ ᠪᠠᠶᠢᠷᠢᠨ ᠳᠠᠭᠠᠨ ᠰᠠᠭᠤᠷᠢᠯᠠᠨ᠂ ᠳᠠᠬᠢᠨ ᠰᠢᠨ᠎ᠡ ᠬᠤᠪᠢ ᠨᠡᠮᠡᠷᠢ ᠦᠵᠡᠭᠦᠯᠵᠦ᠂ ᠠᠵᠢᠯ ᠤᠨ ᠠᠮᠵᠢᠯᠲᠠ ᠪᠦᠲᠦᠮᠵᠢ ᠶᠢᠨ ᠰᠢᠨ᠎ᠡ ᠶᠢ ᠡᠭᠦᠳᠴᠦ᠂ ᠰᠢᠨ᠎ᠡ ᠳᠡᠭᠲᠡᠷ ᠲᠤ ᠭᠠᠷᠭᠠᠬᠤ ᠬᠡᠷᠡᠭᠲᠡᠶ ᠬᠡᠯ᠎ᠡ᠃     ᠬᠤᠰᠢᠭᠤ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ᠂  ᠬᠤᠰᠢᠭᠤ ᠵᠠᠰᠠᠭ ᠤᠨ ᠶᠠᠪᠤᠳᠠᠯ ᠤᠨ ᠦᠶᠯᠡᠴᠢᠯᠡᠭᠡ ᠪᠠ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶᠠᠨ ᠤ  ᠪᠦᠬᠦ ᠺᠠᠳ᠋ᠷ ᠠᠵᠢᠯᠲᠠᠨ  ᠣᠷᠣᠯᠴᠬᠠᠰᠠᠨ ᠪᠠᠶᠢᠨ᠎ᠠ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号