ᠯᠢᠦ ᠰᠢᠶᠤᠤ ᠮᠢᠨ ᠡᠯᠡᠰᠦᠷᠬᠡᠭᠵᠢᠯ ᠢ ᠰᠡᠷᠭᠡᠶᠢᠯᠡᠨ ᠵᠠᠰᠠᠬᠤ ᠪᠠ ᠬᠡᠷᠡᠯ ᠴᠡᠨᠡᠭ ᠢ ᠨᠢᠭᠡ ᠴᠤᠬᠴᠠᠵᠢᠭᠤᠯᠬᠤ ᠢᠨᠵᠧᠨᠧᠷᠢᠩ ᠢ ᠠᠬᠢᠭᠤᠯᠵᠤ ᠪᠠᠶᠢᠭ᠎ᠠ ᠪᠠᠶᠢᠳᠠᠯ ᠢ ᠪᠠᠶᠢᠴᠠᠭᠠᠨ ᠦᠵᠡᠪᠡ
ᠨᠡᠶᠢᠲᠡᠯᠡᠭᠰᠡᠨ ᠴᠠᠭ᠄
2024/6/11
       6 ᠰᠠᠷ᠎ᠠ ᠶᠢᠨ 3 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠯᠢᠦ ᠰᠢᠶᠤᠤ ᠮᠢᠨ ᠰᠠᠩ ᠤᠨ ᠲᠡᠯᠡᠶ ᠪᠠᠯᠭᠠᠰᠤᠨ ᠳᠤ ᠬᠦᠷᠴᠦ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠬᠡᠷᠡᠯ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠠᠬᠢᠭᠤᠯᠵᠤ ᠪᠠᠶᠢᠭ᠎ᠠ ᠪᠠᠶᠢᠳᠠᠯ ᠢ ᠪᠠᠶᠢᠴᠠᠭᠠᠨ  ᠦᠵᠡᠪᠡ᠃     ᠯᠢᠦ ᠰᠢᠶᠤᠤ ᠮᠢᠨ ᠰᠠᠩ ᠤᠨ ᠲᠡᠯᠡᠶ ᠪᠠᠯᠭᠠᠰᠤᠨ ᠤ ᠵᠢᠪᠬᠤᠯᠠᠩᠲᠤ ᠭᠠᠴᠠᠭ᠎ᠠ ᠳᠤ᠂ ᠲᠤᠬᠠᠶ ᠶᠢᠨ ᠭᠠᠵᠠᠷ  ᠲᠤᠨᠢ ᠪᠠᠶᠢᠴᠠᠭᠠᠨ ᠦᠵᠡᠬᠦ᠂ ᠮᠠᠯᠵᠢᠬᠤ ᠡᠷᠦᠬᠡ ᠳᠤ ᠬᠦᠷᠴᠦ ᠠᠰᠠᠭᠤᠨ ᠰᠤᠷᠪᠤᠯᠵᠢᠯᠠᠬᠤ ᠵᠡᠷᠭᠡ ᠠᠷᠭ᠎ᠠ ᠬᠡᠯᠪᠡᠷᠢ  ᠪᠠᠷ ᠮᠠᠨ ᠤ ᠬᠤᠰᠢᠭᠤᠨ ᠤ ᠡᠯᠡᠰᠦᠷᠬᠡᠭᠵᠢᠯ ᠢ ᠰᠡᠷᠭᠡᠶᠢᠯᠡᠨ ᠵᠠᠰᠠᠬᠤ ᠪᠠ ᠬᠡᠷᠡᠯ ᠴᠡᠨᠡᠭ ᠢ ᠨᠢᠭᠡ ᠴᠤᠭᠴᠠᠵᠢᠭᠤᠯᠤᠭᠰᠠᠨ ᠢᠨᠵᠧᠨᠧᠷᠢᠩ ᠤᠨ ᠠᠬᠢᠴᠠ ᠶᠢᠨ ᠪᠠᠶᠢᠳᠠᠯ ᠢ ᠣᠶᠢᠯᠠᠭᠠᠵᠤ᠂ ᠮᠠᠯᠴᠢᠳ ᠤᠨ ᠬᠤᠷᠰᠢᠶᠠᠵᠢᠯ + ᠮᠠᠯᠴᠢᠳ ᠡᠯᠡᠰᠦ ᠶᠢ ᠰᠡᠷᠬᠡᠶᠢᠯᠡᠨ ᠵᠠᠰᠠᠬᠤ ᠠᠵᠢᠯ ᠳᠤ ᠣᠷᠣᠯᠴᠠᠬᠤ ᠳᠤ ᠵᠢᠯᠣᠭᠤᠳᠬᠤ ᠴᠢᠨᠠᠷᠲᠠᠶ ᠰᠠᠨᠠᠯ  ᠰᠠᠨᠠᠭᠤᠯᠭ᠎ᠠ ᠲᠣᠷᠠᠳᠴᠠᠢ᠃    ᠯᠢᠦ ᠰᠢᠶᠤᠤ ᠮᠢᠨ ᠴᠢᠬᠤᠯᠠᠴᠢᠯᠬᠠᠰᠠᠨ ᠨᠢ᠂ ᠬᠤᠯᠪᠣᠭᠳᠠᠯ ᠪᠥᠬᠦᠶ ᠰᠤᠮᠤ ᠪᠠᠯᠭᠠᠰᠤ᠂ ᠰᠠᠯᠠᠭ᠎ᠠ ᠮᠥᠴᠢᠷ ᠤᠨ  ᠬᠢᠨ ᠡᠯᠡᠰᠦᠷᠬᠡᠭᠵᠢᠯ ᠢ ᠰᠡᠷᠭᠡᠶᠢᠯᠡᠨ ᠵᠠᠰᠠᠬᠤ ᠠᠵᠢᠯ ᠤᠨ ᠴᠢᠬᠤᠯᠠ ᠴᠢᠨᠠᠷ ᠢ ᠭᠦᠨᠵᠡᠭᠡᠶ ᠲᠠᠨᠢᠵᠤ᠂ ᠡᠯᠡᠰᠦᠷᠬᠡᠭᠵᠢᠯ ᠢ ᠰᠡᠷᠭᠡᠶᠢᠯᠡᠨ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠬᠡᠷᠡᠯ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠬᠡᠷᠡᠭᠵᠢᠭᠦᠯᠬᠦ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠪᠣᠳᠠᠲᠠᠶ ᠠᠴᠠ ᠡᠭᠦᠰᠴᠦ᠂ ᠭᠠᠵᠠᠷ ᠣᠷᠣᠨ ᠤ ᠪᠠᠶᠢᠳᠠᠯ ᠳᠠᠭᠠᠨ ᠳᠣᠭᠢᠷᠠᠭᠤᠯᠤᠨ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠡᠯ᠎ᠡ ᠵᠦᠶᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠡᠷᠡᠰ ᠭᠤᠶᠢᠪᠢᠰᠢ ᠥᠬᠡᠶ ᠠᠬᠢᠭᠤᠯᠬᠤ ᠬᠡᠷᠡᠭᠲᠡᠶ᠃ ᠭᠤᠣᠯᠳᠠᠯᠭ᠎ᠠ ᠲᠠᠢ ᠡᠭᠦᠷᠭᠡ ᠶᠢ ᠣᠨᠣᠪᠴᠢᠲᠠᠢ ᠡᠵᠡᠮᠳᠡᠵᠦ᠂ ᠪᠡᠯᠡ ᠮᠥᠩᠭᠦ᠂ ᠤᠰᠤ ᠬᠡᠷᠡᠭᠯᠡᠬᠦ ᠵᠡᠷᠭᠡ ᠴᠢᠬᠤᠯᠠ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ᠰᠢᠯᠢᠳᠡᠭ ᠰᠠᠶᠢᠨ ᠡᠪᠡᠰᠦ ᠮᠣᠳᠣ ᠲᠠᠷᠢᠬᠤ ᠪᠣᠭᠤᠮᠲᠠ ᠰᠢᠪᠲᠤᠯᠬᠤ ᠡᠷᠴᠢᠮ ᠢᠶᠠᠨ  ᠴᠢᠩᠭᠠᠳᠬᠠᠨ᠂ ᠭᠡᠷᠡᠯ ᠴᠡᠨᠡᠭ ᠢᠶᠠᠷ ᠡᠯᠡᠰᠦ ᠶᠢ ᠵᠠᠰᠠᠬᠤ᠂ ᠬᠥᠮᠦᠨ ᠤ ᠬᠦᠴᠦ ᠪᠠᠷ ᠵᠠᠰᠠᠬᠤ ᠵᠡᠷᠭᠡ ᠪᠦᠲᠦᠮᠵᠢᠲᠡᠢ ᠵᠠᠰᠠᠯᠲᠠ ᠶᠢᠨ ᠵᠠᠭᠪᠤᠷ ᠢ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠳᠡᠯᠭᠡᠷᠡᠭᠦᠯᠵᠦ᠂ ᠨᠢᠭᠡᠨᠲᠡ ᠣᠯᠤᠭᠰᠠᠨ ᠦᠷ᠎ᠡ ᠪᠦᠲᠦᠭᠡᠯ ᠢ ᠪᠠᠬᠢᠵᠢᠭᠦᠯᠬᠦ  ᠂ ᠦᠷᠭᠦᠯᠵᠢᠯᠡᠨ ᠥᠷᠭᠡᠳᠬᠡᠬᠦ ᠶᠢ ᠰᠠᠶᠢᠲᠤᠷ ᠠᠳᠬᠤᠬᠤ ᠬᠡᠷᠡᠭᠲᠡᠢ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠶᠢᠴᠢᠨ ᠪᠠᠬᠢᠯᠡᠯᠲᠡ ᠶᠢᠨ ᠦᠶᠯᠡᠳᠦᠯ ᠢ ᠭᠦᠶᠴᠡᠳ ᠪᠠᠳᠠᠷᠠᠭᠤᠯᠵᠤ᠂ ᠵᠣᠬᠢᠶᠠᠨ ᠪᠠᠶᠢᠭᠤᠯᠵᠤ ᠳᠠᠶᠢᠴᠢᠯᠠᠬᠤ ᠪᠠ ᠲᠥᠷᠥ ᠶᠢᠨ ᠪᠣᠳᠣᠯᠭ᠎ᠠ ᠶᠢ ᠤᠬᠠᠭᠤᠯᠬᠤ ᠡᠷᠴᠢᠮ ᠢᠶᠠᠨ  ᠴᠢᠩᠭᠠᠳᠬᠠᠨ᠂ ᠥᠷᠭᠡᠨ ᠣᠯᠠᠨ ᠮᠠᠯᠴᠢᠨ ᠲᠦᠮᠡᠨ ᠢ ᠳᠠᠶᠢᠴᠢᠯᠠᠨ ᠡᠯᠡᠰᠦᠷᠬᠡᠭᠵᠢᠯ ᠢ ᠰᠡᠷᠭᠡᠶᠢᠯᠡᠨ ᠵᠠᠰᠠᠬᠤ ᠳᠤ ᠢᠳᠡᠪᠬᠢᠲᠡᠶ ᠣᠷᠣᠯᠴᠠᠭᠤᠯᠵᠤ᠂ ᠣᠷᠣᠨ ᠪᠦᠰᠡ ᠶᠢ ᠵᠠᠰᠠᠬᠤ ᠬᠠᠮᠢᠶᠠᠷᠤᠯᠲᠠ ᠬᠠᠮᠠᠭᠠᠯᠠᠯᠲᠠ ᠶᠢᠨ ᠡᠷᠴᠢᠮ ᠢᠶᠠᠨ ᠴᠢᠩᠭᠠᠳᠬᠠᠵᠦ ᠂ ᠣᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠪᠠ ᠠᠮᠢ ᠠᠬᠤᠶ ᠶᠢ ᠬᠠᠮᠠᠭᠠᠯᠠᠬᠤ ᠬᠤᠤᠰ ᠠᠮᠵᠢᠯᠳᠠ ᠶᠢ ᠪᠡᠶᠡᠯᠡᠭᠦᠯᠵᠦ᠂ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ ᠵᠠᠰᠠᠬᠤ ᠳᠠᠶᠢᠯᠠᠯᠳᠤᠭᠠᠨ ᠢ  ᠰᠠᠶᠢᠲᠤᠷ ᠬᠢᠬᠦ ᠬᠡᠷᠡᠭᠲᠡᠶ  ᠬᠡᠯ᠎ᠡ᠃    ᠳᠠᠷᠠᠭ᠎ᠠ ᠨᠢ ᠯᠢᠦ ᠰᠢᠶᠤᠤ ᠮᠢᠨ ᠰᠠᠩ ᠤᠨ ᠲᠡᠯᠡᠶ ᠳᠠᠬᠢ ᠲᠤᠭᠠᠴᠢᠯᠬᠠᠰᠠᠠ ᠮᠠᠯ ᠠᠵᠣ ᠠᠬᠤᠢ ᠶᠢᠨ ᠬᠥᠷᠢᠶᠡᠯᠡᠩ ‍ᠤᠨ‌‍ᠲ᠋ᠥ᠋ᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠪᠣᠯᠤᠨ ᠬᠦᠷᠢᠶᠡᠯᠡᠩ ᠲᠣᠭᠤᠷᠢᠭ ᠤᠨ ᠨᠠᠶᠢᠳᠠᠠ ᠮᠠᠯᠵᠢᠭᠤᠯᠵᠤ ᠪᠠᠶᠢᠭ᠎ᠠ ᠪᠠᠶᠢᠳᠠᠯ ᠤᠨ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠪᠡ᠃   ᠳᠡᠳ᠋  ᠬᠤᠰᠢᠭᠤ ᠳᠠᠷᠤᠭ᠎ᠠ ᠠᠮᠵᠢᠯᠳᠣ᠂ ᠵᠠᠰᠠᠭ ᠤᠨ ᠣᠷᠳᠣᠨ ᠤ ᠠᠯᠪᠠᠨ ᠬᠡᠷ᠂ ᠰᠠᠩ ᠤᠨ ᠲᠡᠯᠡᠶ ᠪᠠᠯᠭᠠᠰᠤ᠂ ᠣᠶ ᠰᠢᠭᠤᠶ ᠨᠤᠲᠤᠭ ᠪᠡᠯᠴᠢᠭᠡᠷ ᠤᠨ  ᠲᠣᠪᠴᠢᠶᠠᠨ ᠤ ᠬᠠᠮᠢᠶ᠎ᠠ ᠪᠥᠬᠦᠶ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号